ᠰᠢᠨ᠎ᠡ ᠬᠤᠲᠠ ᠲᠣᠭᠤᠷᠢᠭ 2021 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/17
     ᠰᠢᠨ᠎ᠡ ᠬᠤᠲᠠ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠯ᠎ᠡ ᠲᠦᠷᠦᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 16 ᠤ ᠡᠳᠦᠷ᠂ ᠰᠢᠨ᠎ᠡ ᠬᠤᠲᠠ ᠲᠣᠭᠤᠷᠢᠭ ᠤᠨ 2021 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠵᠤᠴᠢᠨ ᠤᠬᠲᠤᠬᠤ ᠰᠢᠨ᠎ᠡ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠷᠢᠶᠠᠯᠠᠯ ᠤᠨ ᠠᠭᠤᠳᠠᠮ ᠲᠠᠯᠠᠪᠠᠢ ᠳᠤ ᠶᠠᠪᠤᠭᠳᠠᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠹᠠᠨ ᡁᠢ ᠵᠦᠩ ᠣᠷᠣᠯᠴᠠᠵᠤ ᠶᠠᠷᠢᠶ᠎ᠠ ᠲᠠᠯᠪᠢᠵᠠᠢ᠃ ᠲᠤᠬᠠᠶ ᠶᠢᠨ ᠲᠠᠯᠠᠪᠠᠶ ᠶᠢᠨ ᠬᠤᠷᠠᠯ ᠢ ᠵᠠᠰᠠᠭ ᠤᠨ ᠣᠷᠳᠣᠨ ᠤ ᠳᠡᠳ᠋ ᠭᠠᠵᠠᠷ ᠤᠨ ᠳᠡᠰ ᠤᠨ ᠺᠠᠳ᠋ᠷ ᠰᠢᠶᠧ ᠵᠠᠨ ᠡᠷᠭᠢᠯᠡᠵᠡᠶ᠃      ᠤᠢᠢᠷ᠎ᠠ ᠶᠢᠨ ᠵᠢᠯ ᠳᠤ᠂ ᠰᠢᠨ᠎ᠡ ᠬᠤᠳᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠤᠷᠳᠤ ᠬᠤᠭᠤᠴᠠᠭ᠎ᠠ ᠪᠠᠷ ᠪᠠᠷᠢᠮᠳᠠᠯᠠᠨ ᠶᠠᠪᠤᠭᠳᠠᠭᠤᠯᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠬᠤ ᠶᠢ ᠪᠠᠷᠢᠮᠲᠠᠯᠠᠵᠤ᠂ 2011 ᠣᠨ ᠠᠴᠠ ᠤᠳᠤ ᠪᠣᠯᠲᠠᠯ᠎ᠠ ᠤᠷᠢᠳ ᠬᠤᠵᠢᠳ 16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 495 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ 1500 ᠰᠠᠭᠤᠷᠢ ᠰᠠᠭᠤᠭᠠᠯᠢ ᠠᠷᠠᠳ ᠤᠨ ᠠᠰᠠᠷ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ 9 ᠲᠦᠮᠡ ᠭᠠᠷᠤᠢ ᠡᠷᠤᠭᠡ ᠤᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠰᠢᠨ᠎ᠡ ᠳᠦᠷᠰᠦ ᠪᠠᠶᠢᠳᠠᠯ ᠲᠠᠢ ᠪᠤᠯᠪᠠ᠃ 2021 ᠣᠨ ᠳᠤ ᠪᠥᠬᠦ ᠬᠤᠲᠠ ᠶᠢᠨ ᠤᠰᠤ ᠬᠠᠩᠭᠠᠬᠤ ᠢᠨᠵᠧᠨᠧᠷᠢᠩ ᠲᠠᠢ ᠤᠶᠠᠯᠳᠤᠭᠤᠯᠤᠨ᠂ ᠰᠢᠨ᠎ᠡ ᠬᠤᠲᠠ ᠲᠣᠭᠤᠷᠢᠭ 103 ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠪᠠᠷ ᠲᠣᠭᠲᠠᠵᠤ᠂ 1.2 ᠲᠦᠮᠡ ᠭᠠᠷᠤᠶ ᠡᠷᠦᠬᠡ᠂ 329 ᠰᠠᠭᠤᠷᠢ ᠣᠷᠣᠨ ᠰᠠᠭᠤᠴᠠ ᠶᠢᠨ ᠠᠰᠠᠷ ᠲᠤ ᠬᠤᠯᠪᠣᠭᠳᠠᠨ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 10 ᠳ᠋ᠦᠩᠰᠢᠭᠤᠷ ᠲᠥᠭᠦᠷᠢᠭ ᠪᠤᠯᠤᠨ᠎ᠠ᠃      ᠲᠤᠬᠠᠢ ᠶᠢᠨ ᠲᠠᠯᠠᠪᠠᠢ ᠶᠢᠨ ᠬᠤᠷᠠᠯ ᠳᠡᠭᠡᠷ᠎ᠡ᠂ ᠵᠤᠴᠢᠨ ᠤᠬᠲᠤᠬᠤ ᠰᠢᠨ᠎ᠡ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠩ ᠲᠡᠷᠢᠭᠦᠨ ᠳᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠲᠠᠨᠢᠯᠴᠠᠭᠤᠯᠪᠠ᠃ ᠡᠯ᠎ᠡ ᠨᠢᠭᠡᠴᠡ᠂ ᠲᠥᠷᠥᠯ ᠵᠣᠶᠢᠯ ᠤᠨ ᠪᠠᠷᠢᠯᠭ᠎ᠠ ᠪᠠᠷᠢᠬᠤ ᠨᠢᠭᠡᠴᠡ᠂ ᠲᠥᠷᠥᠯ ᠵᠣᠶᠢᠯ ᠤᠨ ᠬᠢᠨᠠᠨ ᠬᠠᠮᠢᠶᠠᠷᠬᠤ ᠨᠢᠭᠡᠴᠡ ᠵᠢᠴᠢ ᠰᠠᠭᠤᠭᠠᠯᠢ ᠠᠷᠠᠳ ᠤᠨ ᠬᠢᠨᠠᠯᠲᠠ ᠲᠠᠯᠪᠢᠭᠴᠢ ᠶᠢᠨ ᠲᠥᠯᠥᠭᠡᠯᠡᠭᠴᠢ ᠲᠣᠰ ᠲᠣᠰ ᠲᠠᠶᠢᠰᠠᠨ ᠳᠤ ᠭᠠᠷᠴᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
     ᠹᠠᠨ ᡁᠢ ᠵᠦᠩ ᠶᠠᠷᠢᠶᠠᠨ ᠳᠠᠭᠠᠨ᠂ ᠠᠷᠠᠳ ᠲᠦᠮᠡᠨ ᠢᠶᠠᠷ ᠭᠤᠣᠯ ᠪᠣᠯᠭᠠᠵᠤ᠂ ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠬᠦ ᠬᠡᠷᠡᠭᠲᠡᠢ︔ ᠠᠷᠭ᠎ᠠ ᠤᠬᠠᠭᠠᠨ ᠰᠡᠳᠦᠵᠦ ᠮᠡᠳᠡᠭᠦᠯᠬᠦ ᠪᠠᠨ ᠴᠢᠩᠭᠠᠳᠬᠠᠵᠤ᠂ ᠬᠠᠯᠠᠨ ᠰᠠᠶᠢᠵᠢᠷᠠᠭᠤᠯᠬᠤ ᠶᠣᠰᠣᠲᠠᠶ ᠶᠢ ᠨᠢ ᠪᠦᠬᠦᠨ ᠢ ᠬᠠᠯᠠᠨ ᠰᠠᠶᠢᠵᠢᠷᠠᠭᠤᠯᠬᠤ ᠬᠡᠷᠡᠭᠲᠡᠢ︔ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ ᠭᠡᠪᠡ᠃ ᠹᠠᠨ ᡁᠢ ᠵᠥᠩ ᠴᠢᠬᠤᠯᠠᠴᠢᠯᠠᠬᠤ ᠳᠠᠭᠠᠨ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠠᠪᠤᠳᠠᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠤᠭᠰᠠᠨ ᠤ ᠬᠤᠪᠢ ᠳᠤ᠂ ᠥᠨᠳᠥᠷ ᠲᠦᠪᠰᠢᠨ ᠢᠶᠠᠷ ᠵᠢᠷᠤᠵᠤ ᠲᠥᠯᠥᠪᠯᠡᠬᠦ᠂ ᠥᠨᠳᠥᠷ ᠪᠠᠷᠢᠮᠵᠢᠶ᠎ᠠ ᠪᠠᠷ ᠪᠠᠷᠢᠯᠭ᠎ᠠ ᠪᠠᠷᠢᠬᠤ᠂ ᠴᠢᠨᠠᠷ ᠰᠠᠶᠢᠲᠠᠢ ᠬᠠᠮᠢᠶᠠᠷᠬᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ᠂ ᠨᠢᠭᠲᠠ ᠬᠠᠮᠵᠢᠯᠴᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠨᠠᠷᠢᠨ ᠨᠢᠮᠪᠠᠢ ᠰᠠᠶᠢᠲᠤᠷ ᠬᠢᠵᠦ᠂ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠬᠡᠷ ᠤᠨ ᠡᠭᠦᠳᠡᠨ ᠳᠡᠭᠡᠷ᠎ᠡ ᠨᠢ ᠲᠡᠰ ᠳᠡᠪᠰᠢᠭᠦᠯᠬᠦ ᠪᠠᠷ ᠴᠢᠷᠮᠠᠶᠢᠵᠤ᠂ ᠬᠤᠳᠠ ᠶᠢᠨ ᠲᠦᠷᠢ ᠲᠥᠷᠬᠦ ᠶᠢ ᠪᠠᠭ᠎ᠠ ᠶᠠᠪᠤᠳᠠᠯ ᠳᠤ ᠴᠣ᠋ ᠰᠢᠨ᠎ᠡ ᠪᠠᠶᠢᠳᠠᠯ ᠲᠠᠢ ᠪᠣᠯᠭᠠᠬᠤ ᠬᠡᠷᠡᠭᠲᠡᠢ ᠭᠡᠪᠡ᠃      ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ᠂ ᠲᠣᠭᠤᠷᠢᠭ ᠤᠨ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠡᠰᠡᠭ ᠰᠠᠭᠤᠭᠠᠯᠢ ᠠᠷᠠᠳ ᠤᠨ ᠲᠥᠯᠥᠭᠡᠯᠡᠭᠴᠢ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号