| | | 3 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ | ᠨᠠᠮ ᠤᠨ ᠬᠤᠷᠢᠶᠠᠨ ᠤ ᠱᠦᠵᠢ ᠶᠦᠨ ᠬᠠᠶ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠪᠠ᠃ | | ᠬᠤᠷᠠᠯ ᠠᠴᠠ ᠬᠤᠳᠠ ᠶᠢᠨ ᠵᠠᠰᠠᠭ ᠤᠨ ᠣᠷᠳᠣᠨ ᠤ 2021 ᠣᠨ ᠤ 4 ᠳ᠋ᠦ᠋ᠭᠡᠷ ᠤᠳᠠᠭ᠎ᠠ ᠶᠢᠨ | ᠪᠠᠶᠢᠩᠭᠤ ᠶᠢᠨ ᠬᠤᠷᠠᠯ᠂ 3 ᠳ᠋ᠤᠭᠠᠷ ᠰᠠᠷ᠎ᠠ ᠶᠢᠨ 2 ᠤᠨ ᠡᠳᠦᠷ ᠤᠨ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ | ᠬᠤᠷᠠᠯ᠂ ᠬᠤᠳᠠ ᠶᠢᠨ ᠵᠠᠰᠠᠭ ᠤᠨ ᠣᠷᠳᠣᠨ ᠤ 2021 ᠣᠨ ᠤ 1 ᠳ᠋ᠦ᠋ᠭᠡᠷ ᠤᠳᠠᠭ᠎ᠠ ᠶᠢᠨ ᠪᠦᠬᠦᠳᠠ ᠬᠤᠷᠠᠯ ᠵᠢᠴᠢ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ᠂ 3 | ᠳ᠋ᠤᠭᠠᠷ ᠰᠠᠷ᠎ᠠ ᠶᠢᠨ 6 ᠤ ᠡᠳᠦᠷ ᠤᠨ ᠪᠦᠬᠦ ᠬᠤᠳᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠷᠠᠯ ᠪᠣᠯᠤᠨ | 3 ᠳ᠋ᠤᠭᠠᠷ ᠰᠠᠷ᠎ᠠ ᠶᠢᠨ 8 ᠤ ᠡᠳᠦᠷ ᠤᠨ ᠪᠦᠬᠦ ᠬᠤᠳᠠ ᠶᠢᠨ ᠡᠳ᠋ ᠤᠨ ᠵᠠᠰᠠᠭ ᠭᠠᠶᠢᠯᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ ᠮᠠᠨ ᠤ ᠰᠢᠶᠠᠨ ᠤ 2021 ᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ | ᠵᠠᠳᠠᠯᠤᠯᠲᠠ ᠶᠢᠨ ᠬᠠᠷᠢᠭᠤ ᠮᠡᠳᠡᠭᠦᠯᠦᠯᠲᠡ᠂ ᠥᠷᠢ ᠥᠭᠴᠡᠭᠡ ᠶᠢ ᠠᠷᠢᠯᠭᠠᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ᠂ ᠪᠦᠬᠦ ᠰᠢᠶᠠᠨ ᠤ 2021 ᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ | ᠵᠦᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠶᠦᠨ ᠬᠠᠶ ᠵᠢᠭᠠᠵᠤ ᠭᠠᠷᠭᠠᠭᠰᠠᠨ ᠨᠢ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠤ ᠠᠬᠤᠶ ᠶᠢᠨ | ᠠᠵᠢᠯᠯᠠᠭᠠᠨ ᠤ ᠪᠠᠶᠢᠳᠠᠯ ᠪᠣᠯᠤᠨ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠶᠢ ᠲᠣᠭᠲᠠᠮᠠᠯ | ᠬᠤᠭᠤᠴᠠᠭ᠎ᠠ ᠲᠠᠢ ᠪᠠᠷ ᠪᠣᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ᠂ ᠣᠷᠣᠰᠢᠵᠤ | ᠪᠠᠶᠢᠭ᠎ᠠ ᠠᠰᠠᠭᠤᠳᠠᠯ ᠢ ᠡᠮᠬᠢᠯᠡᠨ ᠲᠣᠳᠣᠷᠬᠠᠶᠢᠯᠠᠵᠤ᠂ ᠳᠠᠯᠳᠠ ᠠᠶᠤᠯ ᠲᠦᠭᠰᠢᠭᠦᠷᠢ ᠶᠢ ᠨᠠᠷᠢᠨ ᠬᠢᠨᠠᠮᠠᠭᠠᠶ ᠵᠠᠳᠠᠯᠤᠨ | ᠰᠢᠨᠵᠢᠯᠡᠵᠦ᠂ ᠬᠤᠶᠢᠰᠢᠳᠠ ᠶᠢᠨ ᠳᠠᠯᠳᠠ ᠬᠦᠴᠦᠨ ᠢ ᠠᠭᠤᠳᠠᠯᠬᠤ ᠬᠡᠷᠡᠭᠲᠡᠶ ᠭᠡᠪᠡ᠃ | ᠶᠦᠨ ᠬᠠᠶ ᠴᠢᠬᠤᠯᠠᠴᠢᠯᠠᠬᠤ ᠳᠠᠭᠠᠨ᠂ ᠦᠴᠤᠸᠠᠨ ᠰᠢᠶᠠᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ᠂ 2021 ᠣᠨ ᠤ ᠵᠠᠰᠠᠭ ᠤᠨ ᠣᠷᠳᠣᠨ ᠤ ᠭᠤᠣᠯ ᠠᠵᠢᠯ ᠤᠨ ᠡᠭᠦᠷᠭᠡ ᠶᠢ ᠲᠣᠳᠣᠷᠬᠠᠶᠢᠯᠠᠪᠠ᠂ | ᠪᠠᠰᠠ ᠵᠠᠰᠠᠭ ᠤᠨ ᠣᠷᠳᠣᠨ ᠠᠴᠠ ᠠᠮᠠᠯᠠᠭᠰᠠᠨ ᠠᠷᠠᠳ ᠤᠨ ᠠᠮᠢᠳᠤᠷᠠᠯ ᠤᠨ ᠵᠦᠢᠯᠡᠰ ᠢ ᠲᠣᠳᠣᠷᠬᠠᠶᠢᠯᠠᠪᠠ᠂ ᠡᠯ᠎ᠡ | ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠭᠦᠷᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠵᠠᠳᠠᠯᠵᠤ᠂ ᠪᠣᠳᠠᠲᠠᠢ ᠬᠡᠷᠡᠭᠵᠢᠭᠦᠯᠬᠦ | ᠲᠥᠰᠦᠯ ᠭᠠᠷᠭᠠᠵᠤ᠂ ᠴᠠᠭ ᠤᠨ ᠠᠬᠢᠴᠠ᠂ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭᠠᠲᠠᠨ ᠢ | ᠲᠣᠳᠣᠷᠬᠠᠶᠢᠯᠠᠵᠤ᠂ ᠮᠥᠷᠳᠡᠨ ᠲᠤᠬᠢᠷᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠴᠠᠭ ᠲᠤᠬᠠᠢ ᠳᠤᠨᠢ | ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ | ᠶᠦᠨ ᠬᠠᠶ ᠱᠠᠭᠠᠷᠳᠠᠭᠰᠠᠨ ᠨᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ | ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ | ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠷᠲᠡ ᠠᠴᠠ ᠲᠥᠯᠥᠪᠯᠡᠵᠦ᠂ ᠡᠷᠲᠡ ᠠᠴᠠ | ᠪᠠᠶᠢᠷᠢᠯᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ | ᠨᠥᠭᠡᠴᠡᠯᠡᠬᠦ᠂ ᠭᠠᠶ ᠭᠠᠮᠰᠢᠭ ᠢ ᠰᠡᠷᠭᠡᠶᠢᠯᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ | ᠴᠣᠬᠢᠯᠲᠠ ᠥᠭᠬᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠥᠬᠦ ᠰᠢᠶᠠᠨ ᠤ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠶ ᠭᠡᠪᠡ᠃ |