ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/17
      3 ᠳ᠋ᠤᠭᠠᠷ ᠰᠠᠷ᠎ᠠ ᠶᠢᠨ 12 ᠤᠨ ᠡᠳᠦᠷ᠂ ᠲᠣᠭᠲᠠᠬᠤ ᠰᠢᠶᠠᠨ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠤᠲᠠ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ ᠡᠯ᠎ᠡ ᠵᠦᠶ᠋ᠯ ᠤᠨ ᠪᠣᠳᠠᠲᠠᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠬᠠᠶ ᠱᠧᠩ ᠬᠤᠷᠠᠯ ᠡᠷᠭᠢᠯᠡᠵᠦ᠂ ᠰᠢᠶᠠᠨ ᠤ ᠤᠳᠤᠷᠢᠳᠤᠯᠭ᠎ᠠ ᠸᠧᠶ ᠰᠢᠶᠤᠤ ᠳ᠋ᠦᠩ᠂ ᠱᠢ ᠵᠢᠶᠠᠨ ᠵᠥᠩ᠂ ᠦ᠋ ᠵᠢᠶᠧ ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠮᠠᠨ ᠤ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠬᠡᠷᠡᠭᠲᠡᠢ ᠭᠡᠪᠡ᠃      ᠬᠤᠷᠠᠯ ᠠᠴᠠ᠂ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠬᠥᠮᠦᠵᠢᠯ ᠢᠶᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠬᠥᠮᠦᠵᠢᠯ ᠢ ᠡᠷᠡᠰ ᠰᠠᠶᠢᠲᠤᠷ ᠠᠳᠬᠤᠵᠤ᠂ ᠬᠥᠮᠦᠵᠢᠯ ᠴᠡᠭᠴᠡᠯᠡᠯᠲᠡ ᠶᠢᠨ ᠠᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠤᠯᠠᠨ ᠢ ᠲᠦᠢᠪᠡᠭᠡᠭᠰᠡᠳ ᠢ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠬᠠᠭ ᠭᠡᠮ ᠢ ᠴᠡᠭᠴᠡᠯᠡᠵᠦ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠠᠶᠢᠲᠤᠷ ᠠᠳᠬᠤᠬᠤ ᠬᠡᠷᠡᠭᠲᠡᠢ᠃ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠳ᠋ᠦᠩᠨᠡᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠨᠡᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢᠲᠠᠢ ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠲᠡᠮᠤᠷ ᠵᠠᠮ ᠤᠨ ᠴᠡᠷᠢᠭ ᠢ ᠴᠢᠷᠮᠠᠶᠢᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠲᠣᠭᠲᠠᠬᠤ᠂ ᠬᠠᠤᠯᠢᠵᠢᠯ ᠤᠨ ᠲᠣᠭᠲᠠᠬᠤ ᠶᠢ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ ᠣᠷᠣᠯᠴᠠᠭᠰᠠᠳ ᠪᠠᠰᠠ ︽ᠪᠦᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠷᠰᠢᠯᠲᠠ ᠶᠢᠨ ᠠᠵᠢᠯ ᠤᠨ ᠲᠤᠬᠠᠶ ᠶᠡᠷᠦᠩᠬᠡᠶ ᠲᠣᠭᠠᠴᠢᠯ︾ ᠢ ᠬᠠᠮᠲᠤ ᠪᠠᠷ ᠦᠵᠡᠪᠡ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号