ᠡᡁᠧ ᠬᠠᠢ ᠳ᠋ᠦᠩ ᠣᠷᠣᠯᠴᠠᠵᠤ ᠶᠠᠷᠢᠶ᠎ᠠ ᠲᠠᠯᠪᠢᠵᠠᠢ | 3 ᠳ᠋ᠤᠭᠠᠷ ᠰᠠᠷ᠎ᠠ ᠶᠢᠨ 16 ᠤ ᠡᠳᠦᠷ᠂ ᠮᠠᠨ ᠤ ᠬᠤᠲᠠ ᠶᠢᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥᠯ ᠵᠦᠢᠯ ᠤᠨ ᠠᠮᠠᠯᠠᠯᠲᠠ ᠪᠠᠨ ᠪᠡᠶᠡᠯᠡᠭᠦᠯᠬᠦ ᠶᠡᠭᠡ ᠬᠤᠷᠠᠯ ᠬᠤᠷᠠᠯᠳᠤᠪᠠ᠃ ᠬᠤᠷᠠᠯ ᠤᠨ | ᠲᠤᠬᠠᠶ ᠶᠢᠨ ᠲᠠᠯᠠᠪᠤᠷ ᠲᠤ ᠬᠡᠰᠡᠭ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠦᠷᠦᠯ ᠵᠦᠢᠯ ᠳᠤ | ᠠᠮᠠᠯᠠᠯᠲᠠ ᠶᠢᠨ ᠪᠠᠯᠠ ᠮᠥᠩᠭᠦ ᠶᠢ ᠣᠯᠭᠤᠬᠤ ᠶᠢᠨ ᠬᠠᠮᠲᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠪᠠ | ᠃ ᠲᠤᠬᠠᠶ ᠶᠢᠨ ᠲᠠᠯᠠᠪᠤᠷ ᠲᠤ 10 ᠲᠥᠷᠥᠯ ᠵᠦᠢᠯ ᠤᠨ ᠪᠠᠯᠠ ᠮᠥᠩᠭᠦ ᠂ ᠨᠡᠶᠢᠲᠡ 1.76 ᠳ᠋ᠦᠩᠰᠢᠭᠤᠷ | ᠲᠥᠭᠦᠷᠢᠭ ᠢ ᠠᠮᠠᠯᠠᠭᠰᠠᠨ ᠶᠤᠰᠤᠭᠠᠷ ᠣᠯᠭᠤᠪᠠ᠃ | ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠡᡁᠧ ᠬᠠᠢ ᠳ᠋ᠦᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠵᠠᠢ᠃ | ᠾᠧ ᠬᠠᠶ ᠳ᠋ᠦᠩ ᠵᠢᠭᠠᠵᠤ ᠭᠠᠷᠭᠠᠭᠰᠠᠨ ᠨᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠦᠷᠦᠯ | ᠵᠦᠢᠯ ᠤᠨ ᠠᠮᠠᠯᠠᠯᠲᠠ ᠪᠠᠨ ᠪᠡᠶᠡᠯᠡᠭᠦᠯᠬᠦ ᠶᠡᠭᠡ ᠬᠤᠷᠠᠯ ᠬᠤᠷᠠᠯᠳᠤᠭᠰᠠᠨ ᠨᠢ ᠡᠯ᠎ᠡ ᠱᠠᠲᠤᠨ ᠤ ᠵᠠᠰᠠᠭ ᠤᠨ ᠣᠷᠳᠣᠨ ᠤ | ᠦᠨᠡᠨ ᠬᠦ ᠭᠡᠷ᠎ᠡ ᠪᠠᠨ ᠭᠦᠢᠴᠡᠳᠭᠡᠵᠦ ᠠᠮᠠᠯᠠᠯᠲᠠ ᠪᠠᠨ ᠪᠡᠶᠡᠯᠡᠭᠦᠯᠬᠦ ᠶᠢ ᠳᠥᠯᠭᠢᠨ ᠠᠬᠢᠭᠤᠯᠵᠤ᠂ ᠲᠥᠪ | ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠰᠢᠭᠲᠠᠶ ᠶᠤᠮ ᠭᠡᠵᠡᠢ᠃ | ᠾᠧ ᠬᠠᠶ ᠳ᠋ᠦᠩ ᠴᠢᠬᠤᠯᠠᠴᠢᠯᠠᠭᠰᠠᠨ ᠨᠢ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠣᠰ ᠱᠠᠲᠤ | ᠪᠣᠯᠤᠨ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠪᠠᠯᠠ | ᠮᠥᠩᠭᠦ ᠣᠯᠭᠤᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠠᠯᠠᠯᠲᠠ ᠪᠠᠨ ᠪᠡᠶᠡᠯᠡᠬᠦᠯᠬᠦ ᠪᠢᠴᠢᠭ ᠲᠤ | ᠪᠣᠯᠵᠣᠨ ᠲᠣᠭᠲᠠᠭᠰᠠᠨ ᠶᠣᠰᠣᠭᠠᠷ᠂ ᠤᠷᠢᠳᠴᠢᠯᠠᠨ ᠪᠠᠯᠠ ᠮᠥᠩᠭᠦ ᠴᠤᠭᠯᠠᠭᠤᠯᠵᠤ᠂ ᠲᠣᠭᠲᠠᠭᠰᠠᠨ ᠴᠠᠭ ᠲᠠᠭᠠᠨ | ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠂ ᠬᠤᠭᠤᠴᠠᠭ᠎ᠠ ᠨᠢ ᠲᠤᠯᠬᠤ ᠳᠤ ᠪᠡᠶᠡᠯᠡᠭᠦᠯᠬᠦ ᠶᠢᠨ ᠠᠷᠭ᠎ᠠ ᠥᠬᠡᠶ ᠪᠠᠶᠢᠳᠠᠯ ᠢ | ᠶᠠᠭᠠᠬᠢᠭᠰᠠᠨ ᠴᠤ ᠲᠠᠬᠢᠵᠤ ᠭᠠᠷᠭᠠᠵᠤ ᠪᠣᠯᠬᠤ ᠦᠭᠡᠢ᠂ ᠬᠡᠯᠡᠪᠡᠯ ᠵᠠᠪᠠᠯ ᠪᠡᠶᠡᠯᠡᠭᠦᠯᠬᠦ ᠬᠡᠷᠡᠭᠲᠡᠶ᠂ ᠡᠨᠡ ᠪᠣᠯ ᠨᠠᠭᠠᠳᠤ | ᠵᠠᠬ᠎ᠠ ᠶᠢᠨ ᠱᠠᠭᠠᠷᠳᠠᠯᠭ᠎ᠠ᠃ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ᠂ | ᠪᠡᠶᠡᠯᠡᠭᠦᠯᠬᠦ ᠶᠢᠨ ᠠᠷᠭ᠎ᠠ ᠥᠬᠡᠶ ᠠᠰᠠᠭᠤᠳᠠᠯ ᠢ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠰᠢᠢᠳᠪᠦᠷᠢᠯᠡᠵᠦ᠂ ᠠᠵᠤ | ᠠᠬᠤᠶᠢᠯᠠᠯ ᠨᠢᠭᠡᠪᠦᠷᠢ ᠪᠠᠷ᠂ ᠠᠰᠠᠭᠤᠳᠠᠯ ᠨᠢᠭᠡᠪᠦᠷᠢ ᠪᠠᠷ ᠵᠣᠯᠭᠠᠭᠤᠯᠤᠨ ᠰᠤᠳᠤᠯᠬᠤ ᠬᠡᠷᠡᠭᠲᠡᠶ︔ ᠲᠦᠷᠦ ᠶᠢᠨ | ᠪᠤᠳᠦᠯᠭ᠎ᠠ ᠲᠠᠢ ᠦᠨᠡᠬᠡᠷ ᠬᠠᠷᠰᠢᠯᠳᠤᠵᠤ ᠪᠠᠶᠢᠪᠠᠯ᠂ ᠪᠤᠰᠤᠳ ᠠᠷᠭ᠎ᠠ ᠵᠡᠮ᠂ ᠪᠤᠰᠤᠳ ᠠᠷᠭ᠎ᠠ ᠮᠠᠶ᠋ᠢᠭ ᠢᠶᠠᠷ | ᠰᠢᠢᠳᠪᠦᠷᠢᠯᠡᠵᠦ ᠪᠣᠯᠤᠨ᠎ᠠ᠃ ᠶᠡᠷᠦᠩᠬᠡᠶ ᠵᠠᠷᠴᠢᠮ ᠨᠢ ᠳᠠᠷᠤᠶ ︽ᠬᠠᠤᠯᠢ ᠲᠣᠭᠲᠠᠭᠠᠯ ᠶᠤᠰᠤᠭᠠᠷ ᠬᠦᠢᠴᠡᠳᠬᠡᠬᠦ | ᠮᠥᠷᠲᠡᠭᠡᠨ ᠪᠠᠰᠠ ᠠᠵᠤ ᠠᠬᠤᠶᠢᠯᠠᠯ ᠢ ᠰᠡᠳᠬᠢᠯ ᠬᠠᠨᠤᠮᠵᠢᠲᠠᠶ ᠪᠠᠶᠢᠯᠭᠠᠬᠤ︾ ᠶᠠᠪᠤᠳᠠᠯ ᠪᠣᠯᠤᠨ᠎ᠠ᠃ ᠬᠡᠯᠡᠯᠴᠡᠭᠡᠷ ᠤᠨ | ᠠᠮᠠᠯᠠᠯᠲᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠡᠭᠦᠨ ᠠᠴᠠ ᠬᠤᠶᠢᠰᠢ ᠠᠵᠤ ᠠᠬᠤᠶᠢᠯᠠᠯ ᠳᠤ ᠳᠠᠬᠢᠨ | ᠠᠮᠠᠯᠠᠯᠲᠠ ᠬᠢᠬᠦ ᠪᠤᠶᠤ ᠬᠡᠯᠡᠯᠴᠡᠭᠡᠷ ᠲᠤᠭᠲᠠᠪᠠᠯ᠂ ᠠᠮᠠᠯᠠᠭᠰᠠᠨ ᠢᠶᠠᠨ ᠡᠷᠡᠰ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠠᠮᠠᠯᠠᠭᠰᠠᠨ ᠢᠶᠠᠨ ᠪᠡᠶᠡᠯᠡᠭᠦᠯᠵᠦ ᠳᠡᠶᠢᠯᠬᠦ ᠦᠭᠡᠢ ︽ᠬᠤᠭᠤᠰᠣᠨ ᠪᠠᠷᠢᠮᠲᠠ︾ ᠶᠢ ᠶᠠᠭᠠᠬᠢᠭᠰᠠᠨ ᠴᠤ | ᠥᠭᠬᠦ ᠦᠭᠡᠢ ᠪᠠᠶᠢᠬᠤ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ | ᠰᠢᠯᠢᠳᠡᠭᠵᠢᠭᠦᠯᠬᠦ ᠳᠤ᠂ ᠲᠥᠪ ᠬᠤᠲᠠ ᠶᠢᠨ ᠬᠠᠷᠠᠯᠲᠠ ᠪᠣᠯ ︽ᠪᠥᠬᠦ ᠣᠷᠣᠨ ᠳᠤ᠂ ᠪᠤᠰᠤᠳ ᠠᠶᠢᠮᠠᠭ ᠬᠤᠲᠠ ᠶᠢᠨ | ᠬᠢᠵᠦ ᠳᠡᠶᠢᠯᠬᠦ ᠶᠢ ᠪᠢᠳᠡ ᠪᠠᠰᠠ ᠬᠢᠵᠦ ᠳᠡᠶᠢᠯᠦᠨ᠎ᠡ︔ ᠪᠥᠬᠦ ᠤᠯᠤᠰ ᠲᠤ᠂ ᠡᠷᠬᠢᠨ ᠲᠣᠭᠤᠷᠢᠨ ᠤ ᠭᠠᠵᠠᠷ | ᠣᠷᠣᠨ ᠤ ᠬᠢᠵᠦ ᠳᠡᠶᠢᠯᠬᠦ ᠶᠢ ᠪᠢᠳᠡ ᠪᠠᠰᠠ ᠬᠢᠵᠦ ᠳᠡᠶᠢᠯᠦᠨ᠎ᠡ︾᠃ | ᠾᠧ ᠬᠠᠶ ᠳ᠋ᠦᠩ ᠵᠢᠭᠠᠵᠤ ᠭᠠᠷᠭᠠᠭᠰᠠᠨ ᠨᠢ᠂ ᠬᠥᠬᠡᠬᠤᠲᠠ ᠶᠢᠨ ᠬᠥᠭᠵᠢᠯᠲᠡ ᠳᠤ ᠬᠤᠲᠠ ᠳᠠᠶᠠᠭᠠᠷ ᠤᠨ᠂ | ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠂ ᠨᠠᠩ ᠴᠤ ᠥᠷᠭᠡᠨ ᠣᠯᠠᠨ ᠠᠵᠤ | ᠠᠬᠤᠶᠢᠯᠠᠯᠲᠠᠨ ᠤ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠃ ᠠᠵᠤ ᠠᠬᠤᠶᠢᠯᠠᠯᠲᠠᠳ | ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠳᠡᠮᠵᠢᠵᠦ᠂ ᠲᠡᠭᠦᠨ ᠳᠤ | ᠣᠷᠣᠯᠴᠠᠵᠤ᠂ ︽ᠣᠷᠣᠯᠴᠠᠭᠴᠢ︾ ᠪᠣᠯᠬᠤ ᠶᠢᠨ ᠵᠡᠷᠭᠡ ᠪᠠᠷ ᠪᠠᠰᠠ ︽ᠤᠬᠠᠭᠤᠯᠤᠭᠴᠢ︾ ᠪᠣᠯᠵᠣ᠂ ᠲᠥᠪ | ᠬᠤᠲᠠ ᠶᠢᠨ ᠶᠡᠭᠡ ᠬᠦᠴᠦ ᠣᠷᠣᠭᠤᠯᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠠᠶᠢᠵᠢᠷᠠᠭᠤᠯᠬᠤ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠢ ᠨᠠᠩ ᠣᠯᠠᠨ ᠨᠠᠶᠢᠵᠠ ᠨᠠᠷ ᠲᠤ ᠬᠡᠯᠡᠵᠦ᠂ ᠨᠠᠩ | ᠣᠯᠠᠨ ᠨᠠᠶᠢᠵᠠ ᠨᠠᠷ ᠢ ᠬᠥᠬᠡᠬᠤᠲᠠ ᠳᠤ ᠲᠡᠳᠡᠨ ᠠᠪᠴᠢᠷᠠᠵᠤ᠂ ᠬᠠᠮᠲᠤ ᠪᠠᠷ ᠠᠵᠢᠯ ᠦᠢᠯᠡᠰ ᠢᠶᠠᠨ ᠰᠠᠶᠢᠲᠤᠷ | ᠬᠥᠭᠵᠢᠭᠦᠯᠵᠦ᠂ ᠲᠥᠪ ᠬᠤᠲᠠ ᠪᠠᠨ ᠰᠠᠶᠢᠲᠤᠷ ᠪᠥᠲᠥᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠶ᠃ | ᠬᠤᠳᠠ ᠶᠢᠨ ᠤᠳᠤᠷᠢᠳᠤᠯᠭ᠎ᠠ ᠯᠢᠦ ᠴᠧᠩ ᠮᠢᠨ᠂ ᠪᠢ ᠭᠦᠸᠧ ᠴᠧᠨ᠂ ᠵᠠᠩ ᠭᠦᠸᠧ ᠫᠢᠩ᠂ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠯᠢ ᠰᠢᠶᠤᠤ ᠳ᠋ᠦᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ | ᠵᠠᠩ ᠵᠦᠩ ᠳ᠋ᠦᠩ ᠵᠢᠴᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ | ᠂ ᠬᠡᠰᠡᠭ ᠬᠤᠳᠠᠯᠳᠤᠭᠠᠴᠢᠳ ᠤ ᠡᠪᠯᠡᠯ᠂ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | ᠰᠣᠷᠪᠤᠯᠵᠢᠯᠠᠭᠴᠢ ᠯᠢᠶᠠᠩ ᠵᠢᠩ ᠱᠦ |