ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠴᠡᠭᠴᠡᠯᠡᠨ ᠵᠢᠷᠤᠮᠵᠢᠭᠤᠯᠵᠤ ᠲᠠᠷᠢᠶᠠᠯᠠᠩ ᠦᠢᠯᠡᠳᠪᠦᠷᠢᠯᠡᠯ ᠤᠨ ᠤᠷᠤᠭᠰᠢᠳᠠᠢ ᠶᠠᠪᠤᠭᠳᠠᠬᠤ ᠳᠤ ᠪᠠᠳᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2021/3/17
     ᠤᠳᠤ  ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠂ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠴᠡᠭᠴᠡᠯᠡᠨ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠬᠠᠪᠤᠷ ᠤᠨ ᠤᠯᠠᠷᠢᠯ ᠤᠨ ᠲᠠᠷᠢᠶᠠᠯᠠᠩ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠨ ︽3 .15︾ ᠤ ᠲᠠᠰᠢᠷᠠᠮ ᠳᠤ᠂ ᠨᠣᠭᠤᠭᠠᠨ ᠰᠡᠯᠡᠮ᠎ᠡ ᠪᠠᠷ ᠲᠠᠷᠢᠶᠠᠯᠠᠩ ᠢ ᠬᠠᠮᠠᠭᠠᠯᠠᠬᠤ ᠬᠠᠪᠤᠷ ᠤᠨ ᠤᠯᠠᠷᠢᠯ ᠤᠨ ᠲᠠᠷᠢᠶᠠᠯᠠᠩ ᠤᠨ ᠬᠡᠷᠡᠭᠰᠡᠯ ᠤᠨ ᠬᠠᠭᠤᠷᠮᠠᠭ ᠪᠦᠳᠦᠭᠡᠭᠳᠡᠭᠦᠨ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠡᠬᠢᠯᠡᠭᠦᠯᠬᠦ ᠶᠢᠨ ᠬᠠᠮᠲᠤ ᠲᠥᠪᠯᠡᠷᠡᠭᠦᠯᠦᠨ ᠤᠬᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠢ ᠬᠠᠮᠠᠭᠠᠯᠠᠬᠤ ᠲᠡᠶᠢᠨ ᠢ ᠡᠬᠢᠯᠡᠭᠦᠯᠪᠡ᠃  ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号