ᠬᠤᠳᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/17
ᠸᠠᠩ ᠯᠢ ᠰᠢᠶᠠ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ ᠾᠧ ᠬᠠᠢ ᠳ᠋ᠦᠩ ᠣᠷᠣᠯᠴᠠᠵᠠᠢ      3 ᠳ᠋ᠤᠭᠠᠷ ᠰᠠᠷ᠎ᠠ ᠶᠢᠨ 16 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠮᠥᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠵᠤ᠂ ᠡᠨᠡ ᠵᠢᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠬᠠᠮᠢᠶᠠᠷᠴᠤ ᠮᠥᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠡᠨᠡ ᠵᠢᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠬᠠᠮᠢᠶᠠᠷᠴᠤ ᠮᠥᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃      ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ᠂ ᠰᠢ ᠶᠢᠨ ᠫᠢᠩ ᠶᠡᠷᠦᠩᠬᠡᠢ ᠱᠦᠵᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠤᠯᠠᠨ ᠤᠳᠠᠭ᠎ᠠ ᠲᠣᠳᠣᠷᠬᠠᠢ ᠱᠠᠭᠠᠷᠳᠠᠯᠭ᠎ᠠ ᠳᠤᠷᠠᠳᠴᠤ᠂ ᠴᠢᠬᠤᠯᠠ ᠪᠠᠶᠢᠷᠢᠯᠠᠭᠤᠯᠤᠯᠲᠠ ᠬᠢᠵᠡᠢ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠯ ᠨᠠᠮ ᠤᠨ ᠲᠥᠪ ᠬᠤᠷᠢᠶ᠎ᠠ ᠠᠴᠠ ᠳᠤᠷᠠᠳᠤᠭᠰᠠᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠨᠢᠭᠡ ᠪᠣᠯᠬᠤ ᠪᠥᠭᠡᠳ ᠮᠦᠨᠴᠦ ᠥᠪᠡᠷᠲᠡᠭᠡᠨ ᠵᠠᠰᠠᠬᠤ ᠣᠷᠣᠨ ᠠᠴᠠ ᠭᠤᠣᠯᠳᠠᠯᠭ᠎ᠠ ᠲᠠᠢ ᠲᠤᠬᠢᠷᠠᠭᠤᠯᠬᠤ᠂ ᠭᠤᠣᠯᠳᠠᠯᠭ᠎ᠠ ᠲᠠᠢ ᠬᠢᠨᠠᠨ ᠵᠢᠯᠣᠭᠤᠳᠬᠤ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ  ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠴᠠᠭ ᠤᠨ ᠠᠬᠢᠴᠠ ᠶᠢᠨ ᠶᠣᠰᠣᠭᠠᠷ ᠠᠵᠢᠯ ᠢᠶᠠᠨ ᠲᠣᠬᠢᠷᠠᠭᠤᠯᠵᠤ᠂ ᠠᠵᠢᠯ ᠢᠶᠠᠨ ᠬᠢᠨᠠᠨ ᠵᠢᠯᠣᠭᠤᠳᠴᠤ᠂ ᠪᠥᠬᠦ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ ᠥᠷᠢ ᠥᠭᠴᠡᠭᠡ ᠶᠢ ᠠᠷᠢᠯᠭᠠᠬᠤ ᠠᠷᠭ᠎ᠠ ᠵᠠᠮ ᠢ ᠥᠷᠭᠡᠳᠬᠡᠵᠦ᠂ ᠥᠷᠢ ᠥᠭᠴᠡᠭᠡ ᠶᠢ ᠠᠷᠢᠯᠭᠠᠬᠤ ᠪᠠ ᠬᠥᠭᠵᠢᠭᠦᠯᠬᠦ ᠶᠢᠨ ᠬᠤᠭᠤᠷᠣᠨᠳᠣ ᠬᠢᠵᠠᠭᠠᠷ ᠲᠠᠢ ᠡᠬᠢ ᠪᠠᠶᠠᠯᠢᠭ᠂ ᠬᠢᠵᠠᠭᠠᠷ ᠲᠠᠢ ᠡᠳ᠋ ᠬᠦᠷᠦᠩᠭᠡ᠂ ᠬᠢᠵᠠᠭᠠᠷ ᠲᠠᠢ ᠪᠡᠯᠡ ᠮᠥᠩᠭᠦ ᠶᠢ ᠰᠠᠶᠢᠲᠤᠷ ᠬᠡᠷᠡᠭᠯᠡᠬᠦ ᠬᠡᠷᠡᠭᠲᠡᠶ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠨᠢᠭᠡ ᠲᠠᠯ᠎ᠠ ᠪᠠᠷ ᠬᠥᠭᠵᠢᠯᠲᠡ ᠶᠢ ᠠᠳᠬᠤᠵᠤ᠂ ᠨᠢᠭᠡ ᠲᠠᠯ᠎ᠠ ᠪᠠᠷ ᠥᠷᠢ ᠰᠢᠷᠢ ᠶᠢ ᠠᠷᠢᠯᠭᠠᠬᠤ ᠶᠢ ᠠᠳᠬᠤᠵᠤ᠂ ᠬᠥᠭᠵᠢᠯᠲᠡ ᠶᠢᠨ ᠳᠤᠮᠳᠠ ᠡᠳ᠋ ᠬᠦᠷᠦᠩᠭᠡ ᠶᠢ ᠮᠦᠩᠭᠦ ᠵᠤᠭᠤᠰ ᠪᠣᠯᠭᠠᠵᠤ᠂ ᠡᠳ᠋ ᠬᠦᠷᠦᠩᠭᠡ ᠶᠢ ᠠᠮᠢᠳᠤᠯᠢᠭ ᠪᠣᠯᠭᠠᠵᠤ᠂ ᠰᠢᠨ᠎ᠡ ᠶᠢ ᠡᠭᠦᠳᠬᠦ ᠳᠤᠮᠳᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠲᠦᠷᠦᠯ ᠵᠦᠢᠯ ᠢ ᠠᠩᠬᠠᠷᠬᠤ᠂ ᠬᠥᠭᠵᠢᠯᠲᠡ ᠶᠢ ᠠᠩᠬᠠᠷᠬᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠩᠬᠠᠷᠬᠤ᠂ ᠦᠷᠭᠦᠯᠵᠢᠯᠡᠨ ᠲᠠᠭᠠᠬᠤ ᠶᠢ ᠠᠩᠬᠠᠷᠬᠤ ᠶᠢ ᠦᠨᠡᠨᠬᠦ ᠪᠡᠶᠡᠯᠡᠭᠦᠯᠵᠦ᠂ ᠨᠢᠭᠡ ᠰᠡᠳᠬᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠰᠠᠶᠢᠲᠤᠷ ᠡᠬᠢᠯᠡᠭᠦᠯᠵᠦ᠂ ᠯᠠᠪᠳᠠᠭᠤᠨ ᠪᠠᠲᠤᠲᠠᠢ ᠠᠵᠢᠯ ᠤᠨ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠶᠦᠨ ᠬᠠᠶ᠂ ᠯᠢᠦ ᠴᠧᠩ ᠮᠢᠨ᠂ ᠡᠤ ᠸᠧᠨ ᠮᠢᠩ᠂ ᠶᠦᠨ ᠰᠢᠨ ᠮᠢᠩ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠵᠢᠴᠢ ᠡᠯ᠎ᠡ ᠭᠠᠵᠠᠷ ᠣᠷᠣᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号