ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠢ ᠬᠤᠷᠠᠯᠳᠤᠭᠤᠯᠵᠤ ︽ᠭᠡᠷ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢ ᠰᠢᠯᠵᠢᠭᠦᠯᠦᠨ ᠳᠠᠩᠰᠠᠯᠠᠬᠤ ︵ᠡᠷᠦᠬᠡ ᠰᠠᠯᠭᠠᠬᠤ︶ ᠠᠵᠢᠯ ᠢ ᠲᠦᠷᠭᠡᠳᠬᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠵᠡᠷᠭᠡ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ
ᠨᠡᠶᠢᠲᠡᠯᠡᠭᠰᠡᠨ ᠴᠠᠭ᠄
2021/3/18
ᠾᠧ ᠬᠠᠢ ᠳ᠋ᠦᠩ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠭᠡᠷ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢ ᠰᠢᠯᠵᠢᠭᠦᠯᠦᠨ ᠳᠠᠩᠰᠠᠯᠠᠬᠤ ︵ᠡᠷᠦᠬᠡ ᠰᠠᠯᠭᠠᠬᠤ︶ ᠠᠵᠢᠯ ᠢ ᠲᠦᠷᠭᠡᠳᠬᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︽ᠬᠥᠬᠡᠬᠤᠲᠠ ᠶᠢᠨ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠲᠤᠷᠰᠢᠯᠲᠠ ᠶᠢᠨ ᠲᠥᠷᠥᠯ ᠵᠦᠢᠯ ᠤᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ︔ ᠰᠢᠨᠬᠤᠸᠠ ᠲᠠᠯᠠᠪᠠᠢ ᠶᠢ ᠥᠭᠡᠷᠡᠴᠢᠯᠡᠬᠦ ᠵᠢᠴᠢ ᠭᠠᠵᠠᠷ ᠳᠣᠣᠷᠠᠬᠢ ᠣᠷᠣᠨ ᠵᠠᠢ ᠶᠢ ᠬᠠᠷᠢᠯᠴᠠᠨ ᠬᠤᠯᠪᠣᠬᠤ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠵᠡᠷᠭᠡ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠭᠡᠷ ᠭᠠᠵᠠᠷ ᠬᠥᠷᠥᠩᠭᠡ ᠶᠢᠨ ᠲᠡᠦᠬᠡ ᠶᠢᠨ ᠦᠯᠡᠳᠡᠭᠳᠡᠯ ᠠᠰᠠᠭᠤᠳᠠᠯ᠂ ᠣᠨᠴᠠᠭᠠᠶᠢᠯᠠᠨ ᠲᠣᠭᠲᠠᠮᠠᠯ ᠬᠥᠷᠥᠩᠭᠡ ᠶᠢᠨ ᠦᠨᠡᠮᠯᠡᠯ ᠣᠯᠭᠤᠬᠤ ᠠᠵᠢᠯ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠬᠠᠷᠠᠭᠤᠯᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠭᠡᠷ ᠭᠠᠵᠠᠷ ᠬᠥᠷᠥᠩᠭᠡ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠬᠦᠴᠦᠨ ᠢᠶᠠᠨ ᠨᠢᠭᠡᠳᠬᠡᠵᠦ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠦᠨ᠂ ᠲᠣᠭᠲᠠᠮᠠᠯ ᠬᠥᠷᠥᠩᠭᠡ ᠶᠢᠨ ᠦᠨᠡᠮᠯᠡᠯ ᠣᠯᠭᠤᠬᠤ ᠠᠵᠢᠯ ᠢ  ᠲᠦᠷᠭᠡᠳᠭᠡᠨ ᠠᠬᠢᠭᠤᠯᠵᠤ᠂ ᠰᠠᠶᠢᠨ ᠤᠴᠢᠷ ᠢ ᠰᠠᠶᠢᠬᠠᠨ ᠬᠢᠵᠦ᠂ ᠥᠷᠭᠡᠨ ᠣᠯᠠᠨ ᠲᠦᠮᠡᠨ ᠤ ᠰᠡᠳᠬᠢᠯ ᠳᠤ ᠬᠦᠷᠭᠡᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ︽ᠬᠥᠬᠡᠬᠤᠲᠠ ᠶᠢᠨ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠲᠤᠷᠰᠢᠯᠲᠠ ᠶᠢᠨ ᠲᠥᠷᠥᠯ ᠵᠦᠢᠯ ᠤᠨ ᠬᠡᠷᠡᠭᠵᠢᠭᠦᠯᠬᠦ ᠰᠠᠨᠠᠯ︾ ᠢ ᠲᠣᠭᠲᠠᠭᠠᠨ ᠨᠡᠶᠢᠲᠡᠯᠡᠬᠦ ᠨᠢ᠂ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠲᠠ ᠶᠢᠨ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠷᠵᠢᠭᠦᠯᠦᠯᠲᠡ ᠶᠢᠨ ᠪᠠᠭᠤᠷᠠᠢ ᠲᠠᠯ᠎ᠠ ᠶᠢ ᠦᠨᠡᠨᠬᠦ ᠨᠥᠬᠦᠪᠦᠷᠢᠯᠡᠨ᠂ ᠪᠦᠬᠦ ᠬᠤᠲᠠ ᠶᠢᠨ ᠠᠭᠠᠷ ᠮᠠᠨᠳᠠᠯ ᠤᠨ ᠶᠠᠰᠤ ᠴᠢᠨᠠᠷ ᠢ ᠰᠠᠶᠢᠵᠢᠷᠠᠭᠤᠯᠬᠤ ᠳᠤ ᠢᠳᠡᠪᠬᠢᠲᠡᠢ ᠲᠦᠯᠬᠢᠨ ᠠᠬᠢᠭᠤᠯᠬᠤ ᠦᠢᠯᠡᠳᠦᠯ ᠲᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠲᠤᠷᠰᠢᠯᠲᠠ ᠶᠢᠨ ᠲᠥᠷᠥᠯ ᠵᠦᠢᠯ ᠤᠨ ᠬᠡᠷᠡᠭᠵᠢᠬᠦᠯᠦᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ  ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠳᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨᠬᠤᠸᠠ ᠲᠠᠯᠠᠪᠠᠢ ᠪᠣᠯ ᠬᠥᠬᠡᠬᠤᠲᠠ ᠶᠢᠨ ᠪᠡᠯᠭᠡᠳᠡᠯ ᠪᠣᠯᠣᠭᠰᠠᠨ ᠲᠠᠯᠠᠪᠠᠢ ᠪᠣᠯᠣᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠨᠬᠤᠸᠠ ᠲᠠᠯᠠᠪᠠᠢ ᠶᠢ ᠥᠭᠡᠷᠡᠴᠢᠯᠡᠬᠦ ᠵᠢᠴᠢ ᠭᠠᠵᠠᠷ ᠳᠣᠣᠷᠠᠬᠢ ᠣᠷᠣᠨ ᠵᠠᠢ ᠶᠢ ᠬᠠᠷᠢᠯᠴᠠᠨ ᠬᠤᠯᠪᠣᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠨ ᠬᠢᠵᠦ᠂ ᠲᠥᠷᠥᠯ ᠵᠦᠢᠯ ᠤᠨ  ᠪᠦᠳᠦᠭᠡᠨ ᠪᠠᠶᠢᠭᠤᠯᠤᠯᠲᠠ  ᠶᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠳᠤᠯᠠᠵᠤ᠂ ᠡᠷᠲᠡ ᠨᠢᠭᠡ ᠡᠳᠦᠷ ᠬᠥᠬᠡᠬᠤᠲᠠ ᠶᠢᠨ ᠠᠷᠠᠳ ᠲᠤ ᠮᠧᠲᠷᠤ᠋ ᠶᠢᠨ ᠰᠢᠨ᠎ᠡ ᠦᠵᠡᠮᠵᠢ ᠶᠢ ᠬᠠᠷᠠᠭᠤᠯᠤᠨ᠂ ᠬᠤᠲᠠ ᠶᠢᠨ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ ᠶᠢᠨ ᠬᠥᠭᠵᠢᠯᠲᠡ ᠳᠤ ᠦᠢᠯᠡᠴᠢᠯᠡᠵᠦ᠂ ᠮᠧᠲᠷᠤ᠋ ᠶᠢ  ᠭᠤᠶᠤᠵᠢᠭᠤᠯᠤᠨ᠂ ᠬᠤᠲᠠ ᠶᠢᠨ ᠴᠤᠭ ᠵᠣᠯᠢ ᠶᠢ ᠪᠠᠳᠠᠷᠠᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠠ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠳᠡᠭᠡᠷ᠎ᠡ ᠵᠥᠪᠯᠡᠨ ᠲᠣᠭᠲᠠᠭᠠᠭᠰᠠᠨ ᠤᠴᠢᠷ ᠶᠠᠪᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号