ᠤᠯᠠᠭᠠᠨᠬᠦᠦ ᠬᠢᠬᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠶᠡᠭᠡ ᠬᠤᠷᠠᠯ
ᠨᠡᠶᠢᠲᠡᠯᠡᠭᠰᠡᠨ ᠴᠠᠭ᠄
2021/3/18
ᠥᠪᠥᠷ ᠮᠣᠩᠭᠤᠯ ᠤᠨ ᠡᠳᠦᠷ ᠤᠨ ᠰᠣᠨᠢᠨ ᠤ ᠵᠤᠤ ᠨᠠ
1928 ᠣᠨ ᠤ 6 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠮᠣᠰᠺᠸᠠ ᠳᠤ ᠬᠤᠷᠠᠯᠳᠤᠵᠤ᠂ ᠤᠯᠠᠭᠠᠨᠬᠦᠦ ᠶᠡᠭᠡ ᠬᠤᠷᠠᠯ ᠤᠨ ᠪᠢᠴᠢᠭ ᠮᠠᠲ᠋ᠧᠷᠢᠶᠠᠯ ᠢ ᠣᠷᠴᠢᠭᠤᠯᠬᠤ ᠠᠵᠢᠯ ᠳᠤ ᠣᠷᠣᠯᠴᠠᠪᠠ᠃ ︵ᠵᠢᠷᠤᠭ ᠢ ᠤᠯᠠᠭᠠᠨᠬᠦᠦ ᠶᠢᠨ ᠳᠤᠷᠠᠰᠬᠠᠯ ᠤᠨ ᠣᠷᠳᠣᠨ ᠠᠴᠠ ᠬᠠᠩᠭᠠᠪᠠ︶      ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠤᠨ ᠲᠠᠯ᠎ᠠ ᠨᠤᠲᠤᠭ ᠤᠨ ᠥᠷᠯᠥᠭ ᠬᠥᠰᠢᠶ᠎ᠡ ᠶᠢᠨ ᠦᠵᠡᠭᠦᠯᠭᠡ ᠶᠢᠨ ᠲᠢᠩᠬᠢᠮ ᠳᠤ ᠣᠷᠣᠬᠤ ᠳᠤ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠵᠠᠮ ᠱᠤᠭᠤᠮ ᠤᠨ ᠵᠢᠷᠤᠭ ᠬᠠᠷᠠᠭᠠᠨ ᠳᠤ ᠲᠣᠳᠣᠷᠠᠨ᠎ᠠ᠃︽︿ᠮᠠᠨᠵᠤᠤᠷ ᠤᠨ ᠬᠤᠪᠢᠰᠬᠠᠯ ᠤᠨ ᠨᠢᠭᠤᠴᠠ ᠵᠠᠮ ᠬᠠᠷᠢᠯᠴᠠᠭᠠᠨ ᠤ ᠥᠷᠲᠡᠭᠡᠨ ᠤ ᠵᠠᠮ ᠱᠤᠭᠤᠮ ᠤᠨ ᠵᠢᠷᠤᠭ﹀ ᠢ ᠦᠵᠡᠵᠦ᠂ ᠲᠠᠶᠢᠯᠪᠤᠷᠢᠯᠠᠭᠴᠢ ᠶᠢᠨ ᠳᠠᠶᠢᠯᠪᠤᠷᠢᠯᠠᠬᠤ ᠶᠢ ᠰᠣᠨᠣᠰᠬᠤ ᠳᠤ ᠶᠠᠭ ᠯᠠ ᠲᠡᠷᠡ ᠬᠦ ᠰᠦᠷ ᠳᠠᠯᠠᠶᠢᠴᠠᠲᠠᠶ ᠬᠤᠪᠢᠰᠬᠠᠯᠳᠤ ᠣᠨ ᠵᠢᠯ ᠳᠤ ᠪᠤᠴᠠᠵᠤ ᠬᠦᠷᠦᠭᠰᠡᠨ ᠰᠢᠭ ᠰᠠᠨᠠᠭᠳᠠᠬᠤ ᠶᠤᠮ︾ ᠬᠡᠵᠥ ᠲᠣᠭᠤᠷᠢᠨ ᠦᠵᠡᠭᠴᠢ ᠯᠢ ᠷᠦᠩ ᠪᠠᠭ᠋ᠠᠳᠤᠨ ᠬᠡᠯᠡᠵᠦ ᠪᠠᠶᠢᠯ᠎ᠠ᠃      1928 ᠣᠨ ᠳᠤ᠂ ᠳᠤᠮᠳᠠᠳᠤ ᠤᠯᠤᠰ ᠤᠨ ᠬᠤᠪᠢᠰᠬᠠᠯ ᠤᠨ ︽ᠤᠴᠢ︾ ᠶᠢ ᠡᠪᠦᠷᠯᠡᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠯᠥᠭᠡᠯᠡᠭᠴᠢᠳᠠᠮᠢ ᠨᠠᠰᠤᠨ ᠤ ᠠᠶᠤᠯ ᠲᠦᠭᠰᠢᠭᠦᠷᠢ ᠶᠢ ᠬᠠᠶᠢᠬᠤᠷᠤᠯ ᠦᠭᠡᠢ ᠪᠠᠷ ᠤᠯᠤᠰ ᠤᠨ ᠬᠢᠯᠢ ᠲᠡᠪᠠᠵᠥ᠂ ᠠᠯᠢ ᠤᠯᠠᠨ ᠬᠦᠴᠢᠷ ᠪᠡᠷᠬᠡ ᠶᠢ ᠲᠤᠭᠤᠯᠤᠨ ᠲᠦᠮᠡᠨ ᠭᠠᠵᠠᠷ ᠤᠨ ᠲᠡᠷᠲᠡᠭᠡᠬᠢ ᠮᠣᠰᠺᠸᠠ ᠳᠤ ᠬᠦᠷᠴᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡᠬᠤᠷᠠᠯ ᠳᠤ ᠣᠷᠣᠯᠴᠠᠪᠠ᠃      1928 ᠣᠨ ᠤ 6 ᠰᠠᠷ᠎ᠠ ᠶᠢᠨ 18 ᠤ ᠡᠳᠦᠷ ᠠᠴᠠ 7 ᠰᠠᠷ᠎ᠠ ᠶᠢᠨ 11 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠮᠣᠰᠺᠸᠠ ᠬᠤᠲᠠ ᠶᠢᠨ ᠲᠡᠭᠦᠷᠭᠡ ᠳᠤ ᠬᠤᠷᠠᠯᠳᠤᠪᠠ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠠᠬᠢ ᠴᠣᠷ ᠤᠨ ᠭᠠᠭᠴᠠ ᠤᠳᠠᠭ᠎ᠠ ᠭᠠᠳᠠᠭᠠᠳᠤ ᠳᠤ ᠬᠤᠷᠠᠯᠳᠤᠭᠤᠯᠤᠭᠰᠠᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠮᠥᠨ᠂ ᠪᠠᠰᠠ ᠴᠤ ᠳᠤᠮᠳᠠᠳᠤ ᠤᠯᠤᠰ ᠤᠨ ᠬᠤᠪᠢᠰᠬᠠᠯ ᠤᠨ ᠴᠢᠬᠤᠯᠠ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠵᠠᠩᠭᠢᠯᠠᠭ᠎ᠠ ᠶᠢᠨ ᠴᠢᠨᠠᠷᠲᠠᠢ ᠶᠡᠭᠡ ᠬᠤᠷᠠᠯ ᠪᠤᠯᠬᠤ ᠲᠤᠯᠠ ᠴᠢᠬᠤᠯᠠ ᠲᠡᠦᠬᠡᠲᠦ ᠠᠴᠢ ᠬᠤᠯᠪᠣᠭᠳᠠᠯ ᠲᠠᠢ᠃ ᠪᠦᠷᠢᠳᠬᠡᠯ ᠢ ᠦᠨᠳᠦᠰᠦᠯᠡᠪᠡᠯ᠂ ᠮᠠᠨᠵᠤᠤᠷ ᠢᠶᠠᠷ ᠲᠠᠮᠵᠢᠨ ᠬᠢᠯᠢ ᠲᠠᠪᠠᠵᠤ ᠭᠠᠷᠤᠭᠰᠠᠨ ᠨᠠᠮ ᠤᠨ ᠵᠢᠷᠭᠤᠳᠤᠭᠠᠷ ᠶᠡᠭᠡ ᠬᠤᠷᠠᠯ ᠤᠨ ᠲᠥᠯᠥᠭᠡᠯᠡᠭᠴᠢ ᠨᠡᠶᠢᠲᠡ 92 ᠬᠥᠮᠦᠨ ᠪᠣᠶ᠂ ᠡᠭᠦᠨ ᠳᠤ ᠵᠧᠤ ᠧᠨ ᠯᠠᠶ᠂ ᠳ᠋ᠧᠩ ᠶᠢᠩ ᠴᠤᠤ᠂ ᠼᠠᠢ ᠾᠧ ᠰᠧᠨ᠂ ᠯᠢ ᠯᠢ ᠰᠠᠨ᠂ ᠴᠢᠦᠶ ᠴᠢᠦ ᠪᠠᠶ ᠵᠡᠷᠭᠡᠬᠥᠮᠦᠰ ᠪᠠᠭᠲᠠᠨ᠎ᠠ᠃      ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠬᠤ ᠶᠢ ᠰᠤᠳᠤᠯᠬᠤ ᠬᠡᠯᠲᠡᠰ ᠤᠨ ᠪᠠᠭᠰᠢ ᠰᠢᠤᠢ ᠵᠢᠢ ᠨᠢᠩ ᠤᠨ ᠲᠠᠨᠢᠯᠴᠠᠭᠤᠯᠬᠤ ᠪᠠᠷ᠂ 1927 ᠣᠨ ᠤ 7 ᠰᠠᠷ᠎ᠠ ᠳᠤ᠂ ᠤᠯᠠᠭᠠᠨᠬᠦᠦ ᠮᠣᠰᠺᠸᠠ ᠶᠢᠨ ᠵᠦᠩᠱᠠᠨ ᠶᠡᠭᠡ ᠰᠤᠷᠭᠠᠭᠤᠯᠢ ᠠᠴᠠ ᠲᠡᠭᠦᠰᠴᠦ᠂ 9 ᠰᠠᠷ᠎ᠠ ᠳᠤ ᠮᠣᠰᠺᠸᠠ ᠶᠢᠨ ᠳᠣᠷᠣᠨᠠᠳᠠᠬᠢᠨ ᠤ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠠᠩᠭᠢ ᠳᠤ ᠬᠤᠪᠢᠶᠠᠭᠳᠠᠨ ᠬᠢᠴᠢᠶᠡᠯᠯᠡᠭᠡ ᠶᠢᠨ ᠣᠷᠴᠢᠭᠤᠯᠤᠭᠴᠢ ᠪᠤᠯᠵᠤ᠂ ᠬᠢᠴᠢᠶᠡᠯ ᠳᠡᠭᠡᠷ᠎ᠡ ᠵᠦᠪᠯᠡᠯᠳᠤ ᠶᠢᠨ ᠪᠠᠭᠰᠢ ᠪᠤᠯᠤᠨ ᠳᠤᠮᠳᠠᠳᠤ ᠤᠯᠤᠰ ᠠᠴᠠ ᠢᠷᠡᠭᠰᠡᠨ ᠰᠤᠷᠤᠬᠴᠢ ᠳᠤ ᠣᠷᠴᠢᠭᠤᠯᠤᠭᠴᠢ ᠪᠤᠯᠪᠠ᠂ ᠢᠩᠭᠢᠭᠡᠳ ᠲᠡᠭᠦᠨ ᠤ ᠤᠷᠤᠰ ᠬᠡᠯᠡᠨ ᠤ ᠬᠢᠷᠢ ᠬᠡᠮᠵᠢᠶ᠎ᠡ ᠠᠩᠬᠠᠠ ᠤ ᠰᠠᠭᠤᠷᠢᠨ ᠳᠡᠭᠡᠷ᠎ᠡ ᠪᠠᠰᠠ ᠮᠠᠰᠢ ᠶᠡᠭᠡ ᠳᠡᠭᠡᠭᠰᠢᠯᠡᠯᠲᠡ ᠲᠠᠢ ᠪᠣᠯᠵᠠᠢ᠃ 1928 ᠣᠨ ᠤ 6 ᠰᠠᠷ᠎ᠠ ᠳᠤ ᠨᠠᠮ ᠤᠨ ᠵᠢᠷᠭᠤᠳᠤᠭᠠᠷ ᠶᠡᠭᠡ ᠬᠤᠷᠠᠯ ᠬᠤᠷᠠᠯᠳᠤᠬᠤ ᠦᠶ᠎ᠡ ᠳᠤ᠂ ᠵᠤᠬᠢᠶᠠᠠ ᠪᠠᠶᠢᠭᠤᠯᠤᠯᠳᠠ ᠠᠴᠠ ᠤᠯᠠᠭᠠᠨᠬᠦᠦ᠂ ᠹᠦᠸᠧ ᠳ᠋ᠢᠩ᠂ ᠯᠢ ᠫᠸᠢ ᡁᠢ ᠵᠡᠷᠭᠡ ᠤᠷᠤᠰ ᠬᠡᠯᠡᠨ ᠳᠡᠭᠡᠨ ᠨᠡᠯᠢᠶᠡᠳ ᠰᠠᠶᠢᠨ ᠨᠥᠬᠦᠳ ᠢ ᠲᠤᠬᠢᠷᠠᠭᠤᠯᠵᠤ᠂ ᠬᠤᠷᠠᠯ ᠤᠨ ᠪᠢᠴᠢᠭ ᠮᠠᠲ᠋ᠧᠷᠢᠶᠠᠯ ᠣᠷᠴᠢᠭᠤᠯᠬᠤ ᠠᠵᠢᠯ ᠢ ᠬᠢᠯᠭᠡᠪᠡ᠃ ᠤᠯᠠᠭᠠᠨᠬᠦᠦ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠲᠤ ᠰᠣᠩᠭᠤᠭᠳᠠᠵᠤ᠂ ᠤᠷᠴᠢᠭᠤᠯᠬᠤ ᠠᠵᠢᠯ ᠬᠢᠪᠡ᠃ ᠨᠢᠭᠤᠴᠠ ᠶᠢ ᠬᠠᠮᠠᠭᠠᠯᠠᠬᠤ ᠶᠢᠨ ᠲᠥᠯᠥᠭᠡ ᠤᠯᠠᠭᠠᠨᠬᠦᠦ ᠶᠡᠭᠡ ᠬᠤᠷᠠᠯ ᠬᠤᠷᠠᠯᠳᠤᠬᠤ ᠶᠢᠨ ᠲᠦᠷᠦᠬᠦᠤ ᠰᠦᠨᠢ ᠨᠢ ᠰᠥᠨᠢ ᠳᠦᠯᠢ ᠪᠠᠷ ᠬᠤᠷᠠᠯ ᠤᠨ ᠲᠠᠯᠠᠪᠠᠢ ᠳᠤ ᠬᠦᠷᠦᠭᠡᠳ ᠰᠠᠶ᠋ᠢ ᠶᠡᠭᠡ ᠬᠤᠷᠠᠯ ᠤᠨ ᠲᠤᠬᠠᠢ ᠲᠣᠳᠣᠷᠬᠠᠢ ᠮᠡᠳᠡᠭᠳᠡᠯ ᠢ ᠣᠯᠵᠡᠢ᠃ ᠰᠡᠭᠦᠯᠡᠷ ᠨᠢ ᠤᠯᠠᠭᠠᠨᠬᠦᠦ ᠡᠨᠡ ᠲᠤᠬᠠᠢ ︽ᠮᠢᠩᠭᠠᠨ ᠬᠦᠮᠥᠨ ᠤ ᠳᠣᠲᠣᠷ᠎ᠠ ᠠᠴᠠ ᠰᠣᠩᠭᠤᠬᠳᠠᠵᠥ ᠡᠶᠢᠮᠦ ᠴᠢᠬᠤᠯᠠ ᠠᠵᠢᠯ ᠢ ᠬᠢᠬᠦ ᠪᠣᠯᠣᠭᠰᠠᠨ ᠨᠢ ᠵᠣᠬᠢᠶᠠᠨ ᠪᠠᠶᠢᠭᠤᠯᠤᠯᠲᠠ ᠠᠴᠠ ᠨᠠᠮᠠᠶᠢ ᠢᠲᠡᠭᠡᠵᠦ ᠪᠠᠶᠢᠬᠤ ᠶᠢ ᠬᠠᠷᠠᠭᠤᠯᠵᠤ ᠪᠠᠶᠢᠨ᠎ᠠ︾ ᠬᠡᠵᠥ ᠡᠷᠬᠢᠴᠡᠬᠦᠯᠵᠦ ᠪᠠᠶᠢᠭᠰᠠᠨ᠃ ᠡᠨᠡ ᠤᠳᠠᠭᠠᠨ ᠤ ᠥᠩᠭᠡᠷᠡᠭᠡᠯᠲᠡ ᠨᠢ 22 ᠨᠠᠰᠤᠲᠠᠢ ᠤᠯᠠᠭᠠᠨᠬᠦᠦ ᠳᠤ ᠠᠪᠴᠤ ᠬᠡᠯᠡᠪᠡᠯ ᠨᠢᠭᠡ ᠤᠳᠠᠭᠠᠨ ᠤ ᠮᠠᠰᠢ ᠰᠠᠶᠢᠨ ᠳᠠᠪᠲᠠᠯᠲᠠ ᠪᠣᠯᠣᠭᠰᠠᠨ ᠪᠠᠶᠢᠨ᠎ᠠ᠃      ᠨᠠᠮ ᠤᠨ ᠵᠢᠷᠭᠤᠳᠤᠭᠠᠷ ᠶᠡᠭᠡ ᠬᠤᠷᠠᠯ ᠲᠡᠭᠦᠰᠦᠭᠰᠡᠨ ᠤ ᠳᠠᠷᠠᠭ᠎ᠠ᠂ ᠵᠧᠦ ᠧᠨ ᠯᠠᠢ ᠨᠥᠬᠦᠷ ᠵᠦᠩᠱᠠᠨ ᠶᠡᠭᠡ ᠰᠤᠷᠭᠠᠭᠤᠯᠢ ᠳᠤ ᠬᠦᠷᠴᠦ ᠠᠳᠡ ᠰᠤᠷᠤᠯᠴᠠᠵᠤ ᠪᠠᠶᠢᠭ᠎ᠠ ᠳᠤᠮᠳᠠᠳᠤ ᠤᠯᠤᠰ ᠤᠨ ᠰᠤᠷᠤᠭᠴᠢᠳ ᠢ ᠡᠷᠭᠢᠨ ᠦᠵᠡᠵᠥ᠂ ᠲᠡᠳᠡᠨ ᠳᠤ ᠨᠠᠮ ᠤᠨ ᠵᠢᠷᠭᠤᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠯᠤᠰ ᠤᠨ ᠳᠣᠲᠣᠭᠠᠳᠤ ᠶᠢᠨ ᠬᠤᠪᠢᠰᠬᠠᠯᠲᠤ ᠲᠡᠮᠡᠴᠡᠯ ᠤᠨ ᠪᠠᠶᠢᠳᠠᠯ ᠳᠤ ᠵᠠᠳᠠᠯᠤᠯᠳᠠ ᠬᠢᠵᠥ ᠦᠭᠬᠦᠭᠰᠡᠨ ᠪᠥᠭᠡᠳ ᠣᠯᠠᠨ ᠢ ᠰᠠᠶᠢᠲᠤᠷ ᠰᠤᠷᠤᠯᠴᠠᠵᠤ᠂ ᠰᠤᠷᠤᠯᠭ᠎ᠠ ᠪᠠᠨ ᠲᠡᠭᠦᠰᠬᠡᠭᠰᠡᠨ ᠤ ᠳᠠᠷᠠᠭ᠎ᠠ ᠤᠯᠤᠰ ᠲᠠᠭᠠᠨ ᠪᠤᠴᠠᠵᠤ ᠡᠬᠡ ᠤᠯᠤᠰ ᠤᠨ ᠬᠤᠪᠢᠰᠬᠠᠯ ᠳᠤ ᠬᠦᠴᠦᠨ ᠴᠢᠳᠠᠯ ᠢᠶᠠᠨ ᠡᠷᠭᠦᠭᠡᠷᠡᠢ ᠭᠡᠵᠦ ᠵᠣᠷᠢᠭᠵᠢᠭᠤᠯᠪᠠ᠃ ᠵᠧᠦ ᠡᠸᠠ ᠯᠠᠢᠨᠥᠬᠦᠷ ᠲᠠᠢ ᠬᠢᠭᠰᠡᠡ ᠶᠠᠷᠢᠯᠴᠠᠭ᠎ᠠ ᠨᠢ ᠤᠯᠠᠭᠠᠨᠬᠦᠦ ᠵᠡᠷᠭᠡ ᠨᠥᠬᠦᠳ ᠢ ᠶᠡᠬᠡᠳᠡ ᠵᠣᠷᠢᠭᠵᠢᠭᠤᠯᠪᠠ᠃      ︽ᠶᠡᠭᠡ ᠬᠤᠷᠠᠯ ᠤᠨ ᠪᠢᠴᠢᠭ ᠮᠠᠲ᠋ᠧᠷᠢᠶᠠᠯ ᠢ ᠬᠡᠰᠡᠭ ᠪᠦᠯᠦᠭ ᠬᠤᠪᠢᠶᠠᠨ ᠣᠷᠴᠢᠭᠤᠯᠤᠭᠰᠠᠨ ᠶᠤᠮ᠂ ᠤᠯᠠᠭᠠᠨᠬᠦᠦ ᠬᠡᠳᠦ᠋ᠢᠪᠡᠷ ᠪᠦᠬᠦ ᠪᠢᠴᠢᠭ ᠮᠠᠲ᠋ᠧᠷᠢᠶᠠᠯ ᠢ ᠣᠯᠵᠤ ᠦᠵᠡᠭᠰᠡᠨ ᠦᠭᠡᠢ ᠪᠣᠯᠪᠠᠴᠤ ᠭᠠᠷᠳᠠᠨ ᠣᠷᠴᠢᠭᠤᠯᠤᠭᠰᠠᠨ ᠬᠡᠰᠡᠭ ᠠᠴᠠ ᠪᠠᠨ ᠶᠡᠭᠡ ᠬᠤᠷᠠᠯ ᠤᠨ ᠠᠭᠤᠯᠭ᠎ᠠ ᠶᠢ ᠶᠡᠭᠡ ᠲᠥᠯᠥᠪ ᠣᠶᠢᠯᠠᠭᠠᠵᠡᠢ᠂ ᠰᠡᠭᠦᠯᠡᠷ ᠨᠢ ᠵᠧᠦ ᠡᠸᠠ ᠯᠠᠢ ᠪᠣᠯᠤᠨ ᠴᠢᠦᠢ ᠴᠢᠦ ᠪᠠᠢ ᠶᠢᠨ ᠤᠯᠠᠮᠵᠢᠯᠠᠬᠤ ᠶᠢ ᠰᠣᠨᠣᠰᠤᠭᠠᠳ ᠨᠠᠮ ᠤᠨ ᠵᠢᠷᠭᠤᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠤᠯᠤᠰ ᠤᠨ ᠳᠣᠲᠣᠭᠠᠳᠤ ᠶᠢᠨ ᠲᠡᠮᠡᠴᠡᠯ ᠤᠨ ᠪᠠᠶᠢᠳᠠᠯ ᠢ ᠨᠡᠯᠢᠶᠡᠳ ᠪᠦᠷᠢᠨ ᠪᠦᠳᠦᠨ ᠦᠢᠯᠠᠭᠠᠠ ᠮᠡᠳᠡᠵᠠᠢ᠃ ᠤᠯᠠᠭᠠᠨᠬᠦᠦ ᠨᠠᠮ ᠤᠨ ᠵᠢᠷᠭᠤᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠱᠤᠭᠤᠮ ᠢ ᠬᠦᠷᠢᠶᠡᠯᠡᠵᠦ᠂ ᠤᠯᠤᠰ ᠤᠨ ᠳᠣᠲᠣᠭᠠᠳᠤ ᠶᠢᠨ ᠲᠡᠮᠡᠴᠡᠯ ᠳᠤ ᠠᠩᠬᠠᠷᠤᠯ ᠲᠠᠯᠪᠢᠵᠤ᠂ ᠢᠯᠠᠩᠭᠤᠶ᠎ᠠ ᠥᠪᠥᠷ ᠮᠣᠩᠭᠤᠯ ᠣᠷᠣᠨ ᠤ ᠬᠤᠪᠢᠰᠬᠠᠯᠳᠤ ᠲᠡᠮᠡᠴᠡᠯ ᠳᠤ ᠰᠡᠳᠬᠢᠯ ᠲᠠᠳᠠᠭᠳᠠᠬᠤ ᠪᠤᠯᠤᠭᠰᠠᠨ ᠪᠠᠶᠢᠨ᠎ᠠ︾ ᠬᠥᠬᠡᠬᠤᠲᠠ ᠳᠠᠬᠢ ᠤᠯᠠᠭᠠᠨᠬᠦᠦ ᠶᠢᠨ ᠰᠤᠳᠤᠯᠭᠠᠨ ᠤ ᠲᠥᠪ ᠤᠨ ᠡᠷᠬᠢᠯᠡᠭᠴᠢ ᠯᠢ ᡁᠢ ᠮᠢᠩ ᠬᠡᠯᠡᠵᠦ ᠪᠠᠶᠢᠯ᠎ᠠ᠃ ᠲᠡᠷᠡ᠄ ︽1928 ᠣᠨ ᠤ ᠳᠣᠣᠷ᠎ᠠ ᠬᠠᠭᠠᠰ ᠵᠢᠯ ᠳᠤ᠂ ᠤᠯᠠᠭᠠᠨᠬᠦᠦ ᠲᠠᠢ ᠬᠠᠮᠲᠤ ᠮᠣᠰᠺᠸᠠ ᠳᠤ ᠣᠴᠢᠭᠰᠠᠨ ᠰᠤᠷᠤᠭᠴᠢᠳ ᠤᠨ ᠣᠯᠠᠩᠬᠢ ᠨᠢ ᠤᠯᠤᠰ ᠲᠠᠭᠠᠨ ᠪᠤᠴᠠᠵᠠᠢ᠃ ᠤᠯᠤᠰ ᠤᠨ ᠳᠣᠲᠣᠭᠠᠳᠤ ᠶᠢᠨ ᠲᠡᠮᠡᠴᠡᠯ ᠤᠨ ᠪᠠᠶᠢᠳᠠᠯ ᠢ ᠪᠤᠳᠤᠭᠰᠠᠭᠠᠷ ᠯᠠ ᠲᠡᠷᠡ ᠰᠠᠭᠤᠵᠤ ᠲᠣᠭᠲᠠᠬᠤ ᠦᠭᠡᠢ ᠪᠤᠯᠵᠤ᠂ ᠰᠤᠷᠴᠤ ᠡᠵᠡᠮᠰᠢᠭᠰᠡᠨ ᠬᠤᠪᠢᠰᠬᠠᠯ ᠤᠨ ᠤᠨᠤᠯ ᠪᠠᠵᠦ᠋ᠪᠯᠡᠯᠳᠤ ᠶᠢᠨ ᠬᠤᠪᠢᠰᠬᠠᠯ ᠤᠨ ᠲᠤᠷᠰᠢᠯᠭ᠎ᠠ ᠪᠠᠨ ᠡᠬᠡ ᠣᠷᠣᠨ ᠳᠠᠭᠠᠨ ᠠᠪᠴᠤ ᠢᠷᠡᠨ᠂ ᠥᠪᠥᠷ ᠮᠣᠩᠭᠤᠯ ᠳᠤ ᠠᠪᠴᠢᠷᠠᠵᠤ᠂ ᠠᠷᠠᠳ ᠤᠨ ᠬᠤᠪᠢᠰᠬᠠᠯᠲᠤ ᠲᠡᠮᠡᠴᠡᠯ ᠤᠨ ᠳᠤᠮᠳᠠ ᠦᠢᠯᠡᠳᠦᠯᠭᠡᠵᠢᠭᠦᠯᠬᠦ ᠭᠡᠵᠦ ᠪᠤᠳᠤᠳᠠᠭ ᠪᠤᠯᠤᠭᠰᠠᠠ ᠪᠠᠶᠢᠨ᠎ᠠ᠃ 1929 ᠣᠨ ᠤ 9 ᠰᠠᠷ᠎ᠠ ᠳᠤ᠂ ᠤᠯᠠᠭᠠᠨᠬᠦᠦ ᠰᠠᠯᠤᠭᠠᠳ 4 ᠵᠢᠯ ᠪᠣᠯᠤᠭᠰᠠᠨ ᠥᠪᠥᠷ ᠮᠣᠩᠭᠤᠯ ᠳᠠᠭᠠᠨ ᠪᠤᠴᠠᠵᠤ ᠢᠷᠡᠭᠡᠳ ᠮᠠᠰᠢ ᠲᠦᠷᠭᠡᠨ ᠢᠶᠠᠷ ᠲᠦᠮᠡᠳ ᠤᠨ ᠲᠠᠯ᠎ᠠ ᠳᠤ ᠦᠨᠳᠦᠰᠦ ᠬᠠᠳᠬᠤᠵᠤ ᠬᠤᠪᠢᠰᠬᠠᠯᠳᠤ ᠲᠡᠮᠡᠴᠡᠯ ᠢᠶᠠᠨ ᠡᠬᠢᠯᠡᠬᠦᠯᠵᠡᠢ︾ ᠬᠡᠵᠥ ᠪᠠᠶᠢᠯ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号