| | | 3 ᠳ᠋ᠤᠭᠠᠷ ᠰᠠᠷ᠎ᠠ ᠶᠢᠨ 16 ᠤ ᠡᠳᠦᠷ᠂ ᠭᠤᠷᠪᠠᠨ ᠡᠳᠦᠷ ᠤᠨ ᠬᠤᠭᠤᠴᠠᠭ᠎ᠠ ᠲᠠᠢ 2021 ᠣᠨ ᠤ 28 | ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ | ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃ | ᠲᠤᠰ ᠤᠳᠠᠭᠠᠨ ᠤ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠳᠤ ᠲᠠᠷᠢᠶᠠᠯᠠᠩ ᠤᠨ | ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠴᠢᠬᠢ ᠮᠣᠳᠣ ᠴᠡᠴᠡᠭ | ᠬᠤᠸᠠᠷ᠂ ᠲᠠᠷᠢᠶᠠᠯᠠᠩ ᠣᠢ ᠰᠢᠭᠤᠢ ᠶᠢᠨ ᠪᠦᠲᠦᠭᠡᠭᠳᠡᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ | ᠵᠢᠷᠭᠤᠭᠠᠨ ᠶᠡᠭᠡ ᠦᠵᠡᠭᠦᠯᠭᠡ ᠶᠢᠨ ᠲᠣᠭᠤᠷᠢᠭ ᠲᠣᠬᠢᠷᠠᠭᠤᠯᠵᠤ᠂ ᠪᠦᠲᠦᠭᠡᠭᠳᠡᠬᠦᠨ ᠨᠢ ᠲᠠᠷᠢᠶᠠᠯᠠᠩ ᠮᠠᠯ ᠠᠵᠤ | ᠠᠬᠤᠢ ᠶᠢᠨ ᠲᠠᠷᠢᠵᠤ ᠲᠡᠵᠢᠭᠡᠬᠦ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠬᠤᠯᠪᠣᠭᠳᠠᠵᠠᠢ᠃ ᠢᠯᠠᠩᠭᠤᠶ᠎ᠠ | ᠣᠯᠠᠨ ᠣᠯᠠᠨ ᠳᠡᠭᠡᠳᠦ ᠰᠢᠨ᠎ᠡ ᠮᠡᠷᠭᠡᠵᠢᠯ ᠪᠠ ᠲᠤᠰᠬᠠᠶ ᠠᠰᠢᠭ ᠤᠨ ᠮᠡᠷᠭᠡᠵᠢᠯ ᠬᠥᠮᠥᠰ ᠤᠨ ᠠᠩᠬᠠᠷᠤᠯ ᠢ ᠶᠡᠬᠡᠳᠡ | ᠲᠠᠲᠠᠵᠤ᠂ ᠡᠯᠡᠰᠦᠨ ᠳᠡᠭᠡᠷ᠎ᠡ ᠤᠰᠤ ᠬᠡᠷᠡᠭᠯᠡᠬᠦ ᠦᠭᠡᠢ ᠪᠠᠷ ᠲᠠᠷᠢᠬᠤ ᠮᠡᠷᠭᠡᠵᠢᠯ᠂ ᠣᠯᠠᠨ ᠬᠡᠷᠡᠭᠴᠡᠭᠡᠲᠦ ᠠᠮᠢ | ᠠᠬᠤᠢ ᠶᠢᠨ ᠪᠣᠷᠳᠣᠭᠤᠷ᠂ ᠥᠨᠳᠥᠷ ᠤᠨᠠᠯᠲᠠ ᠲᠠᠢ ᠡᠷᠳᠡᠨᠢ ᠰᠢᠰᠢ ᠶᠢᠨ ᠦᠷ᠎ᠡ᠂ ᠰᠢᠷᠤᠢ ᠬᠡᠷᠡᠭᠯᠡᠬᠦ ᠦᠭᠡᠢ ᠪᠠᠷ | ᠪᠣᠶᠢᠵᠢᠭᠤᠯᠬᠤ᠂ ᠲᠠᠷᠢᠶᠠᠯᠠᠭ᠎ᠠ ᠳᠤ ᠬᠡᠷᠡᠭᠯᠡᠬᠦ ᠵᠢᠯᠣᠭᠤᠴᠢ ᠦᠭᠡᠢ ᠨᠢᠰᠬᠡᠯ ᠵᠡᠷᠭᠡ ᠳᠡᠭᠡᠳᠦ ᠰᠢᠨᠵᠢᠯᠡᠬᠦ ᠮᠡᠷᠭᠡᠵᠢᠯ ᠤᠨ | ᠪᠦᠲᠦᠭᠡᠭᠳᠡᠬᠦᠨ ᠦᠵᠡᠰᠬᠦᠯᠡᠩ ᠤᠨ ᠴᠤᠭᠯᠠᠭᠠᠨ ᠳᠡᠭᠡᠷ᠎ᠡ ᠬᠥᠮᠥᠰ ᠤᠨ ᠠᠩᠬᠠᠷᠤᠯ ᠢ ᠶᠡᠬᠡᠳᠡ ᠲᠠᠲᠠᠵᠠᠢ᠃ | ᠰᠤᠷᠪᠤᠯᠵᠢᠯᠠᠭᠴᠢ ᠮᠢᠶᠥᠥ ᠴᠢᠩ ᠰᠡᠭᠦᠳᠡᠷᠯᠡᠪᠡ |