ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠪᠠ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠥᠭᠡᠳ ᠬᠦᠴᠦᠲᠡᠶ ᠪᠠᠷ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ ᠪᠠᠬᠢᠵᠢᠭᠦᠯᠦᠨ ᠬᠥᠭᠵᠢᠭᠦᠯᠵᠦ᠂ | ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 15 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠵᠤ᠂ | ᠯᠠᠪᠳᠠᠭᠤᠨ ᠪᠥᠭᠡᠳ ᠬᠦᠴᠦᠲᠡᠶ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ ᠪᠠᠬᠢᠵᠢᠭᠦᠯᠦᠨ ᠬᠥᠭᠵᠢᠭᠦᠯᠵᠦ᠂ | ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠡᠨᠡ ᠵᠢᠯ ᠤᠨ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠷᠢᠭᠤᠴᠠᠯᠭ᠎ᠠ ᠶᠢ ᠡᠭᠦᠷᠭᠡᠯᠡᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠶᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠰᠢᠨ᠎ᠡ ᠦᠷ᠎ᠡ ᠪᠦᠲᠦᠮᠵᠢ ᠪᠣᠯᠭᠠᠬᠤ ᠬᠡᠷᠡᠭᠲᠡᠢ ᠭᠡᠵᠡᠢ᠃ ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ 38 ᠲᠠᠯ᠎ᠠ ᠶᠢᠨ 44 | ᠭᠤᠣᠯᠳᠠᠯᠭ᠎ᠠ ᠲᠠᠢ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠣᠷᠣᠨ ᠨᠤᠲᠤᠭ ᠲᠤ ᠬᠤᠪᠢᠶᠠᠨ ᠥᠭᠴᠦ᠂ ᠬᠠᠷᠢᠭᠤᠴᠠᠯᠭ᠎ᠠ | ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ | ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠰᠡᠷᠭᠦᠵᠦ᠂ ᠬᠥᠭᠵᠢᠯᠲᠡ ᠶᠢᠨ ᠬᠥᠳᠡᠯᠭᠡᠬᠦ | ᠬᠦᠴᠦᠨ ᠲᠠᠰᠤᠷᠠᠯᠲᠠ ᠦᠭᠡᠶ ᠴᠢᠩᠭᠠᠷᠠᠭᠰᠠᠨ ᠪᠣᠯᠪᠠᠴᠤ ᠰᠡᠷᠭᠦᠭᠡᠯᠲᠡ ᠶᠢᠨ ᠠᠬᠢᠴᠠ ᠮᠥᠨ ᠬᠦ ᠲᠡᠩᠴᠡᠭᠦᠷᠢ ᠦᠭᠡᠶ ᠪᠠᠶᠢᠵᠤ᠂ ᠦᠢᠯᠡᠴᠢᠯᠡᠭᠡᠨ ᠤ ᠦᠢᠯᠡᠰ᠂ ᠵᠢᠵᠢᠭ ᠪᠢᠴᠢᠯ ᠠᠵᠤ | ᠠᠬᠤᠶᠢᠯᠠᠯ ᠪᠣᠯᠤᠨ ᠵᠠᠷᠢᠮ ᠣᠷᠣᠨ ᠨᠤᠲᠤᠭ ᠤᠨ ᠠᠵᠤ ᠠᠬᠤᠶ ᠶᠢᠨ ᠰᠡᠷᠭᠦᠯᠲᠡ ᠳᠤ ᠪᠠᠰᠠ ᠴᠦ ᠴᠥᠭᠡᠨ ᠪᠤᠰᠤ ᠬᠦᠴᠢᠷᠳᠡᠯ ᠲᠤᠯᠭᠠᠷᠠᠵᠤ ᠪᠠᠶᠢᠨ᠎ᠠ᠃ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠤ ᠲᠣᠭᠲᠠᠭᠠᠭᠰᠠᠨ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ | ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠪᠡ᠃ ᠨᠢᠭᠡ ᠳᠤ᠂ ᠳᠡᠯᠡᠬᠡᠶ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠵᠢᠴᠢ ᠮᠠᠨ ᠤ ᠤᠯᠤᠰ ᠲᠤ | ᠦᠵᠡᠭᠦᠯᠬᠦ ᠨᠥᠯᠥᠭᠡ ᠶᠢ ᠨᠢᠭᠲᠠ ᠮᠦᠷᠳᠡᠨ ᠳᠠᠭᠠᠵᠤ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠠᠵᠢᠯᠯᠠᠭᠠᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠪᠠ | ᠡᠷᠭᠢᠯᠲᠡ ᠶᠢᠨ ᠬᠤᠭᠤᠴᠠᠭᠠᠨ ᠤ ᠬᠢ ᠲᠠᠢ ᠬᠠᠷᠢᠴᠠᠭᠤᠯᠤᠭᠰᠠᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠶ ᠵᠠᠳᠠᠯᠵᠤ᠂ | ᠲᠦᠷᠦ ᠶᠢᠨ ᠪᠤᠳᠤᠯᠭ᠎ᠠ ᠶᠢᠨ ᠤᠷᠢᠳᠴᠢᠯᠠᠭᠰᠠᠨ ᠲᠤᠬᠢᠷᠠᠭᠤᠯᠤᠯᠳᠠ ᠪᠢᠴᠢᠯ ᠲᠤᠬᠢᠷᠠᠭᠤᠯᠤᠯᠳᠡ ᠶᠢ ᠴᠠᠭ ᠲᠤᠬᠠᠶ ᠳᠤ ᠨᠢ ᠬᠡᠷᠡᠭᠵᠢᠭᠦᠯᠵᠦ᠂ ᠢᠯᠠᠩᠭᠤᠶ᠎ᠠ ᠠᠵᠢᠯ ᠣᠯᠭᠤᠯᠲᠠ ᠶᠢ | ᠠᠬᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠎ᠠ᠃ ᠲᠦᠭᠰᠢᠭᠦᠷᠢ ᠶᠢᠨ | ᠲᠠᠯᠳᠠ ᠭᠡᠮ ᠢ ᠰᠡᠷᠭᠡᠶᠢᠯᠡᠨ ᠨᠠᠮᠳᠠᠭᠠᠵᠤ᠂ ᠠᠵᠤ ᠠᠬᠤᠶ ᠶᠢᠨ ᠲᠣᠭᠲᠠᠭᠤᠨ ᠢᠶᠠᠷ ᠰᠡᠷᠭᠦᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠤᠶᠠᠷ ᠲᠤ᠂ ᠨᠢᠭᠡᠨᠲᠡ ᠲᠣᠭᠲᠠᠭᠠᠭᠰᠠᠨ | ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠬᠡᠪᠴᠢᠶ᠎ᠡ ᠶᠢ | ᠥᠷᠭᠡᠳᠬᠡᠭᠰᠡᠨ ᠤ ᠳᠠᠷᠠᠭᠠᠬᠢ ᠡᠳ᠋ ᠤᠨ ᠵᠠᠰᠠᠭ ᠤᠨ ᠰᠢᠭᠤᠳ ᠬᠦᠷᠭᠡᠬᠦ ᠪᠡᠯᠡ ᠮᠥᠩᠭᠦ ᠶᠢᠨ ᠦᠨᠳᠦᠰᠦᠨ ᠱᠠᠲᠤᠨ ᠳᠠᠬᠢ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠠᠵᠢᠯ | ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠳᠣᠪᠤᠶᠢᠯᠭᠠᠨ ᠬᠡᠷᠡᠭᠯᠡᠬᠦ ᠬᠡᠷᠡᠭᠲᠡᠢ᠃ ᠡᠯ᠎ᠡ | ᠱᠠᠲᠤᠨ ᠤ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯᠯᠠᠭᠠᠨ ᠤ ᠵᠠᠷᠤᠳᠠᠯ ᠢ ᠪᠠᠲᠤᠯᠠᠬᠤ ᠬᠡᠷᠡᠭᠲᠡᠶ᠃ ᠵᠢᠵᠢᠭ ᠪᠢᠴᠢᠯ ᠠᠵᠤ | ᠠᠬᠤᠶᠢᠯᠠᠯ ᠳᠤ ᠴᠢᠭᠯᠡᠭᠦᠯᠦᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠣᠨᠴᠠᠭᠠᠶᠢᠯᠠᠨ ᠪᠦᠲᠦᠴᠡ ᠶᠢᠨ ᠴᠢᠨᠠᠷ ᠲᠠᠢ ᠭᠠᠶᠢᠯᠢ ᠬᠥᠩᠭᠡᠯᠡᠬᠦ ᠰᠢᠨ᠎ᠡ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠢ᠃ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ | ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠱᠠᠯᠠᠪᠳᠠᠭᠤᠯᠤᠨ ᠬᠡᠷᠡᠭᠵᠢᠭᠦᠯᠵᠦ᠂ ᠳ᠋ᠦᠩᠨᠡᠨ ᠪᠤᠳᠤᠬᠤ ᠬᠤᠭᠤᠴᠠᠭ᠎ᠠ ᠶᠢ | ᠪᠣᠭᠤᠨᠢᠰᠬᠠᠵᠤ᠂ ᠠᠵᠤ ᠠᠬᠤᠶᠢᠯᠠᠯ ᠤᠨ ᠲᠤᠬᠠᠶ ᠶᠢᠨ ᠵᠢᠯ ᠳᠤ ᠪᠠᠨ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠬᠤᠷᠸ᠎ᠠ ᠬᠦᠰᠢᠬᠦᠷᠭᠡ ᠶᠢᠨ ᠨᠤᠷᠮ᠎ᠠ ᠶᠢ ᠦᠨᠳᠦᠰᠦᠨ ᠳᠤ ᠪᠠᠨ | ᠲᠣᠭᠲᠠᠭᠤᠨ ᠪᠠᠶᠢᠯᠭᠠᠵᠤ᠂ ᠵᠠᠰᠠᠭ ᠤᠨ ᠣᠷᠳᠣᠨ ᠤ ᠬᠦᠰᠢᠬᠦᠷᠭᠡ ᠶᠢᠨ ᠨᠤᠷᠮ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠦᠨ ᠵᠢᠯᠣᠭᠤᠳᠴᠤ ᠪᠠᠶᠢᠭᠠᠳ ᠪᠣᠳᠠᠲᠠᠶ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠲᠥᠬᠦᠮ | ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ | ᠭᠦᠢᠴᠡᠳᠬᠡᠬᠦ ᠬᠡᠷᠡᠭᠲᠡᠢ᠃ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠨᠢ ᠴᠥᠮ ᠠᠵᠢᠯ ᠣᠯᠭᠤᠯᠲᠠ ᠶᠢ ᠨᠡᠮᠡᠭᠳᠡᠭᠦᠯᠬᠦ ᠶᠢᠨ ᠲᠣᠭᠤᠷᠢᠨ ᠳᠤ | ᠬᠠᠮᠵᠢᠯᠴᠠᠨ ᠬᠦᠴᠦᠯᠡᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠳ ᠵᠡᠷᠭᠡ ᠭᠤᠣᠯᠳᠠᠯᠭ᠎ᠠ ᠲᠠᠢ | ᠬᠦᠮᠦᠰ ᠤᠨ ᠠᠵᠢᠯ ᠣᠯᠭᠤᠯᠲᠠ ᠶᠢ ᠠᠬᠢᠭᠤᠯᠬᠤ ᠪᠠ ᠦᠢᠯᠡᠴᠢᠯᠡᠬᠦ ᠶᠢ ᠴᠢᠩᠭᠠᠳᠬᠠᠨ᠎ᠠ᠃ ᠬᠥᠳᠡᠯᠮᠦᠷᠢ ᠬᠦᠴᠦᠨ᠂ ᠴᠢᠳᠠᠪᠤᠷᠢᠲᠠᠨ᠂ ᠡᠳᠦᠷ ᠤᠨ ᠬᠦᠴᠦ ᠶᠠᠪᠤᠭᠴᠢ ᠵᠡᠷᠭᠡ ︽ | ᠭᠤᠷᠪᠠᠨ ᠵᠠᠬ᠎ᠠ ᠳᠡᠯᠭᠡᠭᠦᠷ︾ ᠤᠨ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠭᠤᠷᠪᠠ ᠳᠤ᠂ ᠭᠤᠤᠯᠳᠠᠯᠭ᠎ᠠ ᠲᠠᠢ ᠠᠵᠢᠯ ᠢ ᠵᠠᠳᠠᠯᠤᠨ | ᠨᠠᠷᠢᠯᠢᠬᠵᠢᠭᠤᠯᠤᠨ᠎ᠠ᠃ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ | ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠬᠤ᠂ ᠰᠢᠯᠵᠢᠭᠦᠯᠦᠨ ᠥᠭᠬᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠥᠷᠢ ᠥᠭᠴᠡᠭᠡ ᠵᠡᠷᠭᠡ ᠶᠢᠨ ᠪᠡᠯᠡ ᠮᠥᠩᠭᠦ ᠶᠢ ᠲᠦᠷᠭᠡᠪᠴᠢᠯᠡᠨ | ᠪᠠᠭᠤᠯᠭᠠᠬᠤ ᠪᠠ ᠰᠠᠶᠢᠲᠤᠷ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ ᠵᠡᠷᠭᠡ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ | ᠳᠡᠮᠵᠢᠯᠭᠡ ᠪᠠᠨ ᠴᠢᠩᠭᠠᠳᠬᠠᠨ᠎ᠠ᠃ ᠰᠢᠶᠠᠨ ᠰᠢᠶᠠᠩ ᠤᠨ ᠦᠨᠳᠦᠰᠦᠨ ᠱᠠᠲᠤᠨ ᠤ ᠪᠠᠭᠰᠢ ᠶᠢ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠭ᠎ᠠ ᠶᠢᠨ | ᠨᠠᠮᠲᠠᠷ ᠢᠶᠠᠨ ᠳᠡᠭᠡᠭᠰᠢᠯᠡᠭᠦᠯᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠨ᠎ᠡ᠃ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ | ᠪᠤᠳᠤᠬᠤ᠂ ᠡᠭᠦᠳᠡᠨ ᠡᠮᠨᠡᠯᠭᠡ ᠶᠢᠨ ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠮ ᠤᠨ ᠵᠦᠢᠯ ᠤᠨ ᠲᠠᠩᠰᠠ ᠲᠠᠶᠢᠯᠬᠤ | ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠨ᠎ᠡ᠃ ᠭᠠᠶᠢᠯᠢ ᠰᠦᠢᠳᠬᠡᠯ ᠢ ᠬᠠᠰᠤᠵᠤ ᠬᠥᠩᠭᠡᠯᠡᠬᠦ ᠵᠡᠷᠭᠡ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠮᠢᠳᠤᠷᠠᠯ ᠤᠨ ᠦᠢᠯᠡᠴᠢᠯᠡᠭᠡᠨ ᠤ ᠦᠢᠯᠡᠰ | ᠵᠡᠷᠭᠡ ᠶᠢ ᠬᠥᠭᠵᠢᠭᠦᠯᠬᠦ ᠶᠢ ᠳᠡᠮᠵᠢᠨ᠎ᠡ᠃ ᠲᠦᠷᠪᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ | ᠮᠥᠴᠢᠷ ᠤᠨ ᠢᠶᠠᠨ ᠬᠡᠷᠡᠭᠵᠢᠭᠦᠯᠬᠦ ᠲᠥᠰᠦᠯ ᠢ ᠲᠥᠷᠭᠡᠳᠬᠡᠨ ᠲᠣᠭᠲᠠᠭᠠᠵᠤ᠂ ᠡᠯ᠎ᠡ ᠵᠦᠢᠯ ᠤᠨ ᠠᠵᠢᠯ ᠢᠶᠠᠨ ᠤᠷᠢᠳᠴᠢᠯᠠᠨ ᠬᠢᠬᠦ ᠬᠡᠷᠡᠭᠲᠡᠶ᠃ ᠬᠦᠷᠢᠶ᠎ᠡ ᠴᠠᠷᠠᠭ᠎ᠠ ᠠᠯᠤᠰᠯᠠᠭᠰᠠᠨ | ᠰᠠᠯᠠᠭ᠎ᠠ ᠮᠥᠴᠢᠷ ᠠᠯᠤᠰᠯᠠᠭᠰᠠᠨ ᠭᠠᠵᠠᠷ ᠣᠷᠣᠨ ᠠᠯᠤᠰᠯᠠᠭᠰᠠᠨ ᠵᠦᠢᠯᠡᠰ ᠲᠤ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ ᠠᠵᠤ ᠠᠬᠤᠶ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ︽14 · 5︾ ᠤᠨ ᠲᠥᠯᠥᠪᠵᠢᠭᠦᠯᠭᠡ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠷᠠᠯ ᠠᠴᠠ ᠪᠠᠰᠠ | ᠪᠤᠰᠤᠳ ᠵᠦᠢᠯ ᠢ ᠰᠤᠳᠤᠯᠵᠠᠢ᠃ | | | | |