ᠲᠣᠭᠲᠠᠬᠤ ᠰᠢᠶᠠᠨ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠲᠦᠮᠡᠨ ᠪᠠ ᠠᠵᠤ ᠠᠬᠤᠶᠢᠯᠠᠯ ᠳᠤ ᠦᠨᠡᠨ ᠪᠣᠳᠠᠲᠠᠶ ᠠᠰᠢᠭ ᠭᠥᠷᠳᠡᠭᠰᠡᠨ ᠲᠥᠷᠥᠭᠳᠡᠯ ᠲᠠᠢ ᠪᠤᠯᠪᠠ
ᠨᠡᠶᠢᠲᠡᠯᠡᠭᠰᠡᠨ ᠴᠠᠭ᠄
2021/3/19
      ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠨᠢ ᠨᠢᠭᠡ ᠭᠠᠵᠠᠷ ᠣᠷᠣᠨ ᠤ ᠬᠥᠭᠵᠢᠯᠲᠡ ᠶᠢᠨ ᠢᠷᠡᠭᠡᠳᠦᠶ ᠶᠢ ᠰᠢᠭᠤᠳ ᠨᠥᠯᠥᠭᠡᠯᠡᠳᠡᠭ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠵᠦ᠂ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ ᠪᠠᠶᠢᠭ᠎ᠠ ᠶᠠᠪᠤᠳᠠᠯ ᠮᠥᠨ᠃ ᠤᠢᠢᠷ᠎ᠠ ᠶᠢᠨ ᠵᠢᠯ ᠠᠴᠠ᠂ ᠲᠣᠭᠲᠠᠬᠤ ᠰᠢᠶᠠᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠳᠦᠯᠦᠨ ᠳᠠᠭᠠᠭᠤᠯᠵᠤ᠂ ︽ᠶᠠᠪᠤᠴᠠ ᠬᠠᠮᠤᠭ ᠤᠨ ᠰᠢᠯᠢᠳᠡᠭ᠂ ᠭᠤᠭᠴᠤᠭ᠎ᠠ ᠬᠠᠮᠤᠭ ᠤᠨ ᠴᠥᠭᠡᠨ᠂ ᠴᠠᠭ ᠬᠠᠮᠤᠭ ᠤᠨ ᠣᠬᠤᠷ᠂ ᠦᠷ᠎ᠡ ᠪᠦᠲᠦᠮᠵᠢ ᠬᠠᠮᠤᠭ ᠤᠨ ᠥᠨᠳᠥᠷ᠂ ᠦᠢᠯᠡᠴᠢᠯᠡᠭᠡ ᠬᠠᠮᠤᠭ ᠤᠨ ᠰᠠᠶᠢᠨ︾ ᠢᠶᠠᠷ ᠬᠠᠷᠠᠯᠲᠠ ᠪᠣᠯᠭᠠᠵᠤ᠂ ᠠᠵᠤ ᠠᠬᠤᠶᠢᠯᠠᠯ ᠤᠨ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠷᠠᠳ ᠤᠯᠠᠨ ᠳᠤ ᠲᠦᠬᠦᠮ ᠦᠵᠡᠭᠦᠯᠪᠡ᠃      ᠨᠢᠭᠡᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠺᠣᠮᠫᠠᠨᠢ ᠳᠤ ᠠᠵᠢᠯᠯᠠᠵᠤ ᠪᠠᠶᠢᠭ᠎ᠠ ᠵᠠᠩ ᠶᠦᠨ ᠰᠢᠶᠠᠨ ᠳᠠᠷᠤᠶ ᠲᠣᠭᠲᠠᠬᠤ ᠰᠢᠶᠠᠨ ᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠠᠴᠠ ᠪᠣᠯᠤᠭᠰᠠᠨ ᠲᠥᠬᠦᠮ ᠨᠥᠬᠦᠴᠡᠯ ᠢ ᠪᠡᠶ᠎ᠡ ᠪᠠᠷ ᠢᠶᠠᠨ ᠣᠯᠵᠤ ᠮᠡᠳᠡᠵᠡᠶ᠃ ᠣᠶᠢᠷ᠎ᠠ ᠳᠤ᠂ ᠰᠤᠷᠪᠤᠯᠵᠢᠯᠠᠭᠴᠢ ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠰᠤᠷᠪᠤᠯᠵᠢᠯᠠᠬᠤ ᠦᠶ᠎ᠡ ᠳᠤ᠂ ᠵᠠᠩ ᠠᠪᠠᠭ᠋ᠠᠶ ᠶᠠᠭ 5 ᠬᠡᠷ ᠬᠤᠳᠠᠯᠳᠤᠨ ᠠᠪᠤᠭᠴᠢ ᠳᠤ ᠲᠠᠸᠠᠷ ᠤᠨ ᠬᠡᠷ ᠪᠠᠶᠢᠰᠢᠩ ᠤᠷᠢᠳᠴᠢᠯᠠᠨ ᠬᠤᠳᠠᠯᠳᠤᠨ ᠠᠪᠬᠤ ᠶᠢ ᠤᠷᠢᠳᠴᠢᠯᠠᠨ ᠮᠡᠳᠡᠭᠳᠡᠬᠦ ᠳᠡᠩᠰᠡᠯᠡᠯᠲᠡ ᠬᠢᠵᠦ ᠥᠭᠴᠦ ᠪᠠᠶᠢᠨ᠎ᠠ᠃ ᠬᠠᠭᠠᠰᠬᠠᠨ ᠴᠠᠭ ᠤᠨ ᠳᠣᠲᠣᠷ᠎ᠠ ᠵᠠᠩ ᠬᠠᠲᠤᠭᠲᠠᠶ ᠪᠤᠶ ᠪᠦᠬᠦᠢ ᠭᠠᠷ ᠭᠦᠢᠴᠡᠳᠬᠡᠯ ᠢᠶᠠᠨ ᠬᠢᠵᠦ ᠳᠠᠭᠤᠰᠬᠠᠵᠠᠶ᠃ ᠥᠩᠭᠡᠷᠡᠭᠰᠡᠨ ᠳᠤ ᠲᠡᠷᠡ ᠡᠳᠡᠭᠡᠷ ᠭᠠᠷ ᠭᠦᠢᠴᠡᠳᠬᠡᠯ ᠢ ᠬᠢᠬᠦ ᠳᠤ ᠬᠡᠳᠦᠨ ᠡᠳᠦᠷ ᠵᠠᠷᠤᠴᠠᠭᠤᠯᠵᠤ᠂ ᠬᠡᠳᠦ ᠬᠡᠳᠦᠨ ᠰᠠᠯᠠᠭ᠎ᠠ ᠮᠥᠴᠢᠷ ᠲᠤ ᠣᠴᠢᠵᠤ᠂ ᠴᠠᠭ ᠪᠠᠷᠠᠬᠤ ᠮᠥᠷᠲᠡᠭᠡᠨ ᠬᠦᠴᠦ ᠪᠠᠷᠠᠳᠠᠭ᠃      ︽ᠭᠡᠷ ᠪᠠᠶᠢᠰᠢᠩ ᠭᠠᠵᠠᠷ ᠬᠥᠷᠥᠩᠭᠡ ᠶᠢᠨ ᠥᠮᠴᠢᠯᠡᠯ ᠤᠨ ᠡᠷᠬᠡ ᠶᠢ ᠭᠦᠢᠴᠡᠳᠬᠡᠬᠦ ᠡᠨᠡ ᠬᠤᠭᠤᠴᠠᠭᠠᠨ ᠳᠤ ᠭᠤᠷᠪᠠᠨ ᠠᠵᠢᠯ ᠤᠨ ᠡᠳᠦᠷ ᠤᠨ ᠳᠣᠲᠣᠷ᠎ᠠ ᠭᠦᠢᠴᠡᠳᠬᠡᠵᠦ ᠪᠣᠯᠤᠨ᠎ᠠ᠂ ᠥᠩᠭᠡᠷᠡᠭᠰᠡᠨ ᠤ ᠬᠢ ᠲᠠᠢ ᠠᠳᠠᠯᠢ ᠪᠠᠷ ᠬᠠᠮᠤᠭ ᠤᠨ ᠴᠥᠭᠡᠨ ᠳᠡᠭᠡᠨ ᠳᠣᠯᠣᠭᠠᠨ ᠠᠵᠢᠯ ᠤᠨ ᠡᠳᠦᠷ ᠬᠡᠷᠡᠭᠰᠡᠨ᠎ᠡ᠂ ᠣᠳᠣ ᠥᠯᠥ ᠬᠥᠳᠡᠯᠬᠦ ᠬᠥᠷᠥᠩᠭᠡ ᠶᠢᠨ ᠠᠵᠢᠯ ᠤᠨ ᠦᠷ᠎ᠡ ᠪᠦᠲᠦᠮᠵᠢ ᠮᠠᠰᠢ ᠲᠦᠷᠭᠡᠨ᠂ ᠠᠵᠢᠯᠲᠠᠨ ᠤ ᠣᠪᠣᠷ ᠮᠠᠰᠢ ᠰᠠᠶᠢᠨ ᠪᠠᠶᠢᠨ᠎ᠠ᠂ ᠡᠨᠡ ᠨᠢ ᠥᠯᠥ ᠬᠥᠳᠡᠯᠬᠦ ᠬᠥᠷᠥᠩᠭᠡ ᠶᠢᠨ ᠠᠵᠢᠯ ᠤᠨ ᠦᠷ᠎ᠡ ᠪᠦᠲᠦᠮᠵᠢ ᠶᠢ ᠮᠠᠭᠲᠠᠨ ᠰᠠᠶᠢᠰᠢᠶᠠᠵᠤ ᠪᠠᠶᠢᠨ᠎ᠠ︾᠃ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠠᠶᠢᠭ᠎ᠠ ᠬᠤᠳᠠ ᠶᠢᠨ ᠠᠷᠠᠳ ᠵᠠᠩ ᠶᠦᠨ ᠰᠢᠶᠠᠨ ᠰᠡᠳᠬᠢᠯ ᠬᠥᠳᠡᠯᠦᠨ ᠬᠡᠯᠡᠪᠡ᠃ ᠵᠠᠩ ᠠᠪᠠᠭ᠋ᠠᠶ ᠪᠠᠷ ᠵᠣᠭᠰᠣᠬᠤ ᠦᠭᠡᠶ᠂ ᠡᠨᠡ ᠬᠦ ᠺᠣᠮᠫᠠᠨᠢ ᠳᠠᠩᠰᠠᠯᠠᠭᠤᠯᠬᠤ ᠪᠠᠷ ᠪᠠᠶᠢᠭ᠎ᠠ ᠯᠢ ᠠᠪᠤᠭᠠᠶ ᠴᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠴᠠ ᠪᠣᠯᠤᠭᠰᠠᠨ ᠳᠥᠭᠦᠮ ᠨᠥᠬᠦᠴᠡᠯ ᠢ ᠦᠨᠡᠨ ᠬᠦ ᠣᠯᠵᠤ ᠮᠡᠳᠡᠭᠰᠡᠨ ᠪᠠᠶᠢᠨ᠎ᠠ᠂ ᠬᠠᠷᠢᠨ ᠴᠣᠩᠬᠤᠨ ᠤ ᠠᠵᠢᠯᠲᠠᠳ ᠤᠨ ᠬᠠᠯᠠᠭᠤᠮᠰᠤᠭ ᠪᠥᠭᠡᠳ ᠥᠨᠳᠥᠷ ᠪᠦᠲᠦᠮᠵᠢᠲᠡᠶ ᠦᠢᠯᠡᠴᠢᠯᠡᠭᠡ ᠨᠢ ᠯᠢ ᠠᠪᠤᠭᠠᠶ ᠳᠤ ᠮᠥᠨ ᠴᠦ ᠭᠦᠨ ᠰᠠᠭᠤᠭᠳᠠᠯ ᠥᠭᠴᠡᠶ᠄ ︽ᠥᠨᠥᠳᠦᠷ ᠪᠢ ᠨᠢᠭᠡᠨ ᠠᠷᠠᠯᠵᠢᠶ᠎ᠠ ᠬᠤᠳᠠᠯᠳᠤᠭᠠᠨ ᠤ ᠺᠣᠮᠫᠠᠨᠢ ᠳᠤ ᠳᠠᠩᠰᠠᠯᠠᠭᠤᠯᠬᠤ ᠳᠤ ᠮᠠᠰᠢ ᠲᠦᠷᠭᠡᠨ ᠬᠤᠷᠳᠤᠴᠠ ᠲᠠᠢ᠂ ᠰᠠᠨᠠᠭᠠᠨ ᠠᠴᠠ ᠭᠠᠳᠠᠭᠤᠷ ᠪᠠᠶᠢᠨ᠎ᠠ᠂ ᠦᠨᠳᠦᠰᠦᠨ ᠳᠡᠭᠡᠨ ᠬᠠᠭᠠᠰ ᠡᠳᠦᠷ ᠤᠨ ᠳᠣᠲᠣᠷ᠎ᠠ ᠪᠥᠬᠦᠳᠡ ᠶᠢ ᠠᠪᠴᠢᠬᠠᠵᠠᠶ ᠂ ᠡᠯᠧᠺᠲᠷᠣᠨ ᠪᠠᠷᠢᠮᠲᠠ᠂ ᠳᠡᠪᠲᠡᠷ ᠢ ᠪᠦᠷ ᠭᠠᠷ ᠲᠠᠭᠠᠨ ᠠᠪᠴᠢᠬᠠᠵᠠᠶ᠂ ᠮᠠᠰᠢ ᠰᠠᠶᠢᠨ᠂ ᠦᠢᠯᠡᠴᠢᠯᠡᠭᠡ ᠴᠦ ᠮᠠᠰᠢ ᠪᠦᠷᠢᠨ ᠭᠦᠢᠴᠡᠳ ᠪᠠᠶᠢᠨ᠎ᠠ︾ ᠭᠡᠪᠡ᠃      ᠬᠥᠮᠦᠨ ᠪᠦᠬᠦᠨ ᠴᠥᠮ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠪᠠᠶᠢᠵᠤ᠂ ᠶᠠᠪᠤᠳᠠᠯ ᠪᠦᠬᠦᠨ ᠨᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠲᠠᠢ ᠬᠤᠯᠪᠣᠭᠳᠠᠨ᠎ᠠ᠃ ᠲᠣᠭᠲᠠᠬᠤ ᠰᠢᠶᠠᠨ ᠤᠳᠤᠷᠢᠳᠬᠤ ᠺᠠᠳ᠋ᠷ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠵᠤ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠶᠠᠨ ᠭᠠᠵᠠᠷ ᠤᠨ ᠲᠡᠰ ᠤᠨ 31 ᠤᠳᠤᠷᠢᠳᠤᠯᠭ᠎ᠠ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠦᠢᠯᠡᠳᠦᠯᠭᠡᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠭᠦᠨᠵᠡᠭᠡᠶᠢᠷᠡᠵᠦ ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠶᠢ ᠦᠨᠡᠨ ᠪᠣᠳᠠᠲᠠᠢ ᠪᠠᠷ ᠥᠷᠨᠢᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠭᠤᠭᠴᠤᠭ᠎ᠠ ᠶᠢ ᠪᠠᠭᠠᠰᠬᠠᠨ᠂ ᠴᠤᠪᠤᠷᠠᠯ ᠢ ᠰᠢᠯᠢᠳᠡᠭᠵᠢᠭᠦᠯᠵᠦ ᠂ ᠴᠠᠭ ᠤᠨ ᠬᠢᠵᠠᠭᠠᠷ ᠢ ᠳᠠᠷᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠳᠣᠭᠢᠷᠠᠭᠤᠯᠬᠤ ᠂ ᠶᠡᠷᠦᠩᠬᠡᠶᠢᠯᠡᠭᠰᠡᠨ ᠴᠣᠩᠬᠤ ᠪᠠᠷ ᠮᠠᠲ᠋ᠧᠷᠢᠶᠠᠯ ᠭᠠᠷᠭᠠᠬᠤ︾ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠤᠨ  ᠭᠦᠢᠴᠡᠳᠭᠡᠬᠦ ᠴᠤᠪᠤᠷᠠᠯ ᠢ ᠳᠥᠭᠦᠮᠴᠢᠯᠡᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠵᠦᠶ᠋ᠯᠡᠰ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ ᠪᠦᠬᠦᠯᠢ ᠴᠣᠭᠴᠠ ᠪᠠᠷ 54% ᠪᠠᠷ ᠪᠠᠭᠠᠰᠬᠠᠨ᠂ 201 ᠵᠦᠢᠯ ᠤᠨ ᠬᠢᠨᠠᠨ ᠵᠥᠪᠰᠢᠶᠡᠷᠡᠬᠦ  ᠦᠢᠯᠡᠴᠢᠯᠡᠭᠡᠨ ᠤ ᠵᠦᠢᠯᠡᠰ ᠢ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠳᠤ ᠭᠦᠶᠦᠯᠭᠡᠬᠦ︾ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠶᠡᠭᠡ ᠪᠠᠷ ᠲᠦᠯᠬᠢᠨ ᠠᠬᠢᠭᠤᠯᠵᠤ᠂ ᠪᠦᠬᠦ ᠰᠢᠶᠠᠨ ᠤ 450 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠲᠢᠭᠯᠡᠬᠦ ᠪᠠ ᠶᠠᠪᠤᠴᠠ ᠶᠢ ᠲᠠᠬᠢᠨ ᠵᠣᠬᠢᠶᠠᠵᠤ᠂ ᠣᠳᠣᠬᠠᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠰᠢᠢᠳᠪᠦᠷᠢᠯᠡᠭᠰᠡᠨ ᠨᠤᠷᠮ᠎ᠠ 91% ᠳᠤ ᠬᠦᠷᠴᠦ᠂ 34 ᠥᠨᠳᠥᠷ ᠲᠠᠪᠳᠠᠮᠵᠢᠳᠤ ᠵᠦᠢᠯᠡᠰ ᠢ ︽ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠭᠦᠯᠬᠦ︾ ᠪᠤᠶᠤ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠪᠡ᠃      ︽ᠡᠨᠡ ᠵᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠭᠤᠤᠯᠳᠠᠯᠭ᠎ᠠ ᠪᠣᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠶᠠᠪᠤᠳᠠᠯ ᠪᠣᠯᠤᠨ᠎ᠠ᠂ ᠪᠣᠳᠠᠲᠠᠶ ᠠᠷᠭ᠎ᠠ ᠬᠡᠮᠵᠢᠶ᠎ᠡ ᠪᠣᠯ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠨ᠎ᠡ᠂ ᠵᠢᠱᠢᠶ᠎ᠡ ᠲᠠᠲᠠᠪᠠᠯ᠄ ᠥᠯᠥ ᠬᠥᠳᠡᠯᠬᠦ ᠬᠥᠷᠥᠩᠭᠡ ᠪᠠᠷ ᠬᠡᠷ ᠪᠠᠶᠢᠰᠢᠩ ᠪᠠᠷᠢᠬᠤ ᠳᠤ ᠥᠩᠭᠡᠷᠡᠭᠰᠡᠨ ᠳᠤ ᠳᠥᠷᠪᠡᠨ ᠰᠠᠯᠠᠭ᠎ᠠ ᠮᠥᠴᠢᠷ ᠲᠤ ᠣᠴᠢᠬᠤ ᠴᠢᠬᠤᠯᠠᠲᠠᠶ ᠪᠠᠶᠢᠪᠠ᠂ ᠣᠶᠢᠷ᠎ᠠ ᠳᠤ ᠪᠢᠳᠡ ᠴᠡᠭᠴᠡᠯᠡᠨ ᠥᠭᠡᠷᠡᠴᠢᠯᠡᠬᠦ ᠪᠠᠷ ᠳᠠᠮᠵᠢᠭᠤᠯᠤᠨ ᠳᠥᠷᠪᠡᠨ ᠦᠢᠯᠡᠴᠢᠯᠡᠭᠡᠨ ᠤ ᠰᠠᠯᠠᠭ᠎ᠠ ᠮᠥᠴᠢᠷ ᠢ ᠨᠢᠭᠡ ᠯᠡ ᠴᠣᠩᠬᠤᠨ ᠳᠤ ᠨᠡᠶᠢᠯᠡᠭᠦᠯᠦᠨ᠂ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠨ᠎ᠡ᠂ ᠲᠤᠬᠠᠶᠢᠯᠠᠪᠠᠯ ᠭᠠᠶᠢᠯᠢ ᠶᠢᠨ ᠶᠠᠪᠤᠳᠠᠯ᠂ ᠬᠡᠷ ᠬᠥᠷᠥᠩᠭᠡ ᠶᠢᠨ ᠶᠠᠪᠤᠳᠠᠯ᠂ ᠥᠯᠥ ᠬᠥᠳᠡᠯᠬᠦ ᠬᠥᠷᠥᠩᠭᠡ ᠶᠢᠨ ᠶᠠᠪᠤᠳᠠᠯ᠂ ᠪᠠᠩᠬᠢ ᠶᠢᠨ ᠶᠠᠪᠤᠳᠠᠯ ᠵᠡᠷᠭᠡ ᠶᠢ ᠬᠠᠮᠲᠤ ᠳᠤᠨᠢ ᠭᠦᠢᠴᠡᠳᠭᠡᠨ᠎ᠡ᠃ ᠥᠩᠭᠡᠷᠡᠭᠰᠡᠨ ᠳᠤ ᠨᠢᠭᠡ ᠭᠡᠷ ᠪᠠᠶᠢᠰᠢᠩ ᠪᠠᠷᠢᠬᠤ ᠳᠤ ᠭᠤᠷᠪᠠᠨ ᠡᠳᠦᠷ ᠠᠴᠠ ᠳᠡᠭᠡᠭᠰᠢ ᠴᠠᠭ ᠬᠡᠷᠡᠭᠰᠡᠳᠡᠭ ᠪᠥᠭᠡᠳ ᠪᠠᠰᠠ ᠲᠦᠷᠪᠡᠨ ᠰᠠᠯᠠᠭ᠎ᠠ ᠮᠥᠴᠢᠷ ᠲᠤ ᠣᠴᠢᠳᠠᠭ ᠪᠠᠶᠢᠪᠠ᠂ ᠤᠳᠤ ᠪᠢᠳᠡ ᠭᠤᠷᠪᠠᠨ ᠡᠳᠦᠷ ᠤᠨ ᠳᠣᠲᠣᠷ᠎ᠠ ᠭᠡᠷ ᠪᠠᠶᠢᠰᠢᠩ ᠪᠠᠷᠢᠬᠤ ᠳᠤ ᠬᠦᠷᠦᠨ᠎ᠡ᠂ ᠬᠡᠷᠪᠡ ᠮᠠᠲ᠋ᠧᠷᠢᠶᠠᠯ ᠨᠢ ᠪᠦᠷᠢᠨ ᠭᠦᠢᠴᠡᠳ ᠪᠣᠯ ᠲᠡᠷᠡ ᠡᠳᠦᠷ ᠲᠤᠨᠢ ᠭᠡᠷ ᠪᠠᠶᠢᠰᠢᠩ ᠪᠠᠷᠢᠬᠤ ᠳᠤ ᠬᠦᠷᠦᠨ᠎ᠠ᠃ ᠢᠩᠭᠢᠭᠰᠡᠨ ᠢᠶᠠᠷ ᠤᠴᠢᠷ ᠶᠠᠪᠤᠳᠠᠯ ᠰᠢᠢᠳᠪᠦᠷᠢᠯᠡᠬᠦ ᠣᠯᠠᠨ ᠲᠦᠮᠡᠨ ᠢ ᠳᠤᠲᠠᠭᠤ ᠭᠦᠶᠦᠯᠭᠡᠭᠰᠡᠨ ᠮᠥᠷᠲᠡᠭᠡᠨ ᠪᠠᠰᠠ ᠴᠠᠭ ᠢ ᠠᠷᠪᠢᠯᠠᠭᠰᠠᠨ ᠪᠠᠶᠢᠨ᠎ᠠ︾ ᠭᠡᠵᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠱᠢ ᠭᠦ᠋ᠨ ᠫᠢᠩ ᠲᠠᠨᠢᠯᠴᠠᠭᠤᠯᠵᠠᠶ᠃      ᠡᠭᠦᠨ ᠠᠴᠠ ᠭᠠᠳᠠᠨ᠎ᠠ᠂ ᠲᠣᠭᠲᠠᠬᠤ ᠰᠢᠶᠠᠨ ᠬᠠᠷᠢᠴᠠᠩᠭᠤᠶ ᠪᠠᠷ ᠲᠥᠪᠯᠡᠷᠡᠭᠦᠯᠬᠦ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶ ᠥᠷᠨᠢᠭᠦᠯᠵᠦ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠬᠡᠷᠡᠭᠵᠢᠭᠦᠯᠦᠨ᠂ ︽12345︾ ᠶᠢᠨ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠶ᠋ᠴᠡᠳᠬᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠨᠵᠧᠨᠧᠷᠢᠩ ᠤᠨ ᠵᠦᠢᠯᠡᠰ ᠢ ᠬᠢᠨᠠᠨ ᠵᠥᠪᠰᠢᠶᠡᠷᠡᠬᠦ ᠳᠤ ᠬᠠᠮᠤᠭ ᠤᠨ ᠲᠥᠬᠦᠮ ᠵᠠᠭᠪᠤᠷ ᠢ ᠬᠡᠷᠡᠭᠵᠢᠭᠦᠯᠦᠨ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ ᠨᠠᠩ ᠴᠥᠭᠡᠨ᠂ ᠴᠠᠭ ᠤᠨ ᠬᠢᠵᠠᠭᠠᠷ ᠢ ᠨᠠᠩ ᠣᠬᠤᠷ ᠪᠣᠯᠭᠠᠵᠤ᠂ ᠣᠯᠠᠨ ᠲᠦᠮᠡᠨ ᠪᠠ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠪᠡ᠃     ᠲᠠᠷᠠᠭᠠᠴᠢ ᠶᠢᠨ ᠱᠠᠲᠤᠨ ᠳᠤ᠂ ᠲᠣᠭᠲᠠᠬᠤ ᠰᠢᠶᠠᠨ ᠤ ︽ᠠᠵᠢᠯ ᠶᠠᠪᠤᠳᠠᠯ ᠪᠦᠲᠦᠭᠡᠬᠦ ᠳᠤ ᠬᠥᠮᠦᠨ ᠢ ᠱᠠᠭᠠᠷᠳᠠᠬᠤ ᠦᠭᠡᠢ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ︾ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠥᠷᠢᠰᠥᠯᠳᠦᠭᠡᠨ ᠤ ᠳᠤᠮᠳᠠ ᠰᠠᠨᠠᠭᠠᠴᠢᠯᠠᠭᠠᠲᠤ ᠡᠷᠬᠡ ᠶᠢ ᠣᠯᠵᠤ᠂ ᠲᠡᠷᠢᠭᠦᠨ ᠲᠣᠬᠢᠶᠠᠯ ᠢ ᠡᠵᠡᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号