2021 ᠣᠨ ᠤ 28 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ  ᠬᠦᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠥᠨᠳᠦᠷᠯᠡᠪᠡ
ᠨᠡᠶᠢᠲᠡᠯᠡᠭᠰᠡᠨ ᠴᠠᠭ᠄
2021/3/19
     ︵ᠰᠤᠷᠪᠤᠯᠵᠢᠯᠠᠭᠴᠢ ᠮᠢᠶᠣᠣ ᠴᠢᠩ︶ ᠭᠤᠷᠪᠠᠨ ᠡᠳᠦᠷ ᠤᠨ ᠬᠤᠭᠤᠴᠠᠭ᠎ᠠ ᠲᠠᠢ  ᠶᠠᠪᠤᠭᠳᠠᠭᠰᠠᠨ 2021 ᠣᠨ ᠤ 28 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠬᠦᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ 3  ᠳ᠋ᠤᠭᠠᠷ ᠰᠠᠷ᠎ᠠ ᠶᠢᠨ 18 ᠤ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠥᠨᠳᠥᠷᠯᠡᠪᠡ᠃ 3  ᠳ᠋ᠤᠭᠠᠷ ᠰᠠᠷ᠎ᠠ ᠶᠢᠨ 18 ᠤ ᠡᠳᠦᠷ ᠤᠨ 11 ᠴᠠᠭ ᠪᠣᠯᠲᠠᠯ᠎ᠠ᠂ ᠲᠣᠰ ᠬᠤᠭᠤᠴᠠᠭᠠᠨ ᠤ ᠬᠦᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠳᠤ ᠣᠷᠣᠨ ᠤ ᠳᠣᠲᠣᠨ᠎ᠠ ᠭᠠᠳᠠᠨ᠎ᠠ ᠠᠴᠠ ᠢᠷᠡᠭᠰᠡᠨ 32000 ᠭᠠᠷᠤᠶ ᠲᠤᠰᠬᠠᠶ ᠮᠡᠷᠭᠡᠵᠢᠯ ᠤᠨ ᠦᠵᠡᠭᠴᠢᠳ ᠢ ᠭᠥᠯᠢᠶᠡᠨ ᠠᠪᠴᠤ᠂ ᠲᠤᠬᠠᠶ ᠶᠢᠨ ᠲᠠᠯᠠᠪᠤᠷ ᠲᠤ 1900 ᠭᠠᠷᠤᠶ ᠵᠦᠢᠯ ᠤᠨ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠰᠠᠨᠠᠮᠵᠢ ᠶᠢᠨ ᠠᠷᠠᠯᠵᠢᠶ᠎ᠠ ᠪᠦᠲᠦᠭᠰᠡᠨ ᠲᠤᠭ᠎ᠠ ᠨᠢ 5 ᠳ᠋ᠦᠩᠰᠢᠭᠤᠷ ᠲᠥᠭᠦᠷᠢᠭ ᠢ ᠳᠠᠪᠠᠵᠤ᠂ ᠪᠣᠳᠠᠲᠠᠶ ᠠᠷᠠᠯᠵᠢᠶ᠎ᠠ ᠪᠦᠲᠦᠭᠰᠡᠨ ᠲᠤᠭ᠎ᠠ ᠨᠢ 1.6 ᠳ᠋ᠦᠩᠰᠢᠭᠤᠷ ᠲᠥᠭᠦᠷᠢᠭ ᠲᠤ ᠬᠦᠷᠴᠡᠶ᠃      ᠲᠣᠰ ᠬᠤᠭᠤᠴᠠᠭᠠᠨ ᠤ ᠬᠦᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠳᠤ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 450 ᠭᠠᠷᠤᠶ ᠲᠠᠷᠢᠶᠠᠯᠠᠩ ᠣᠶ ᠰᠢᠭᠤᠶ ᠮᠠᠯ ᠠᠵᠤ ᠠᠬᠤᠶ ᠤᠰᠤᠨ ᠤ ᠠᠵᠤ ᠠᠬᠤᠶᠢᠯᠠᠯ ᠨᠡᠷ᠎ᠡ ᠮᠡᠳᠡᠭᠦᠯᠦᠨ ᠤᠷᠤᠯᠴᠠᠵᠤ᠂ 1200 ᠭᠠᠷᠤᠶ ᠦᠵᠡᠭᠦᠯᠭᠡ ᠶᠢᠨ ᠪᠠᠶᠢᠷᠢ ᠭᠠᠷᠭᠠᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠭᠰᠠᠨ ᠡᠯ᠎ᠡ ᠠᠶᠢᠮᠠᠭ ᠬᠤᠲᠠ ᠶᠢᠨ ᠤᠨᠴᠠᠯᠢᠭᠳᠤ ᠲᠠᠷᠢᠶᠠᠯᠠᠩ ᠣᠶ ᠰᠢᠭᠤᠶ ᠶᠢᠨ ᠪᠦᠲᠦᠭᠡᠭᠳᠡᠬᠦᠨ ᠤ ᠪᠦᠯᠬᠦᠮ ᠦᠵᠡᠭᠦᠯᠭᠡ ᠳᠤ ᠣᠷᠣᠯᠴᠠᠵᠤ᠂ ᠲᠣᠰ ᠬᠤᠭᠤᠴᠠᠭᠠᠨ ᠤ ᠬᠦᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ  ᠳᠤ ᠥᠩᠭᠡ ᠪᠤᠳᠤᠭ ᠨᠡᠮᠡᠷᠢᠯᠡᠵᠦ᠂ ︽ᠰᠣᠯᠤᠩᠭᠠᠨ ᠲᠦᠮᠡᠳ︾ ᠦᠵᠡᠭᠦᠯᠭᠡ ᠶᠢᠨ ᠲᠣᠭᠤᠷᠢᠭ ᠤᠨ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠨᠢ ᠮᠠᠰᠢ ᠣᠯᠠᠨ ᠵᠠᠭᠤᠴᠢᠯᠠᠭᠤᠷ ᠤᠨ ᠬᠢᠨ ᠤ ᠠᠩᠬᠠᠷᠤᠯ ᠢ ᠲᠠᠲᠠᠭᠰᠠᠨ ᠪᠠᠶᠢᠪᠠ᠃      ᠥᠩᠭᠡᠷᠡᠭᠰᠡᠨ ᠬᠤᠭᠤᠴᠠᠭᠠᠨ ᠤ ᠬᠦᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠲᠠᠢ ᠠᠳᠠᠯᠢ ᠦᠭᠡᠢ ᠨᠢ᠂ ᠡᠨᠡ ᠵᠢᠯ ᠤᠨ ᠬᠦᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠤ ᠤᠶᠤᠨᠴᠢᠯᠠᠭᠰᠠᠨ᠂ ᠰᠢᠨᠵᠢᠯᠡᠬᠦ ᠤᠬᠠᠭᠠᠨᠴᠢᠯᠠᠵᠤ ᠲᠧᠭᠨᠢᠭᠵᠢᠭᠰᠡᠨ ᠬᠡᠮᠵᠢᠶ᠎ᠡ ᠨᠢ ᠨᠡᠩ ᠥᠨᠳᠥᠷ᠂ ᠭᠤᠣᠯ ᠰᠡᠳᠦᠪ ᠨᠢ ᠨᠡᠩ ᠤᠯᠠᠨ ᠶᠠᠩᠵᠤ ᠶᠢᠨ ᠪᠠᠶᠢᠵᠤ᠂ ᠪᠣᠬᠢᠷᠲᠤᠯ ᠦᠭᠡᠢ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠤᠷᠳᠤᠭᠤᠷ ᠲᠠᠷᠢᠶᠠᠨ ᠡᠮ ᠭᠡᠰᠡᠨ ᠦᠭᠡᠢ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠡᠯ᠎ᠡ ᠲᠦᠷᠦᠯ ᠤᠨ ᠢᠳᠡᠰᠢᠨ ᠨᠣᠭᠤᠭ᠎ᠠ᠂ ᠲᠠᠷᠢᠶᠠᠨ ᠤ ᠦᠷ᠎ᠡ ᠭᠡᠰᠡᠨ ᠦᠭᠡᠢ ᠴᠥᠮ ᠬᠥᠳᠡᠭᠡ ᠠᠵᠤ ᠠᠬᠤᠢ ᠶᠢᠨ ᠰᠢᠨ᠎ᠡ ᠮᠡᠷᠭᠡᠵᠢᠯ ᠤᠨ ᠷᠢᠳᠢ ᠰᠢᠳᠢ ᠶᠢ ᠬᠥᠮᠦᠰ ᠲᠤ ᠮᠡᠳᠡᠷᠡᠭᠦᠯᠵᠡᠢ᠃ ᠲᠣᠭᠠᠨ ᠡᠵᠡᠮᠰᠢᠯᠳᠦ ᠨᠠᠭᠠᠯᠲᠠ ᠮᠠᠶ᠋ᠢᠭ ᠤᠨ ᠳᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢᠯᠡᠯ ᠤᠨ ᠱᠤᠭᠤᠮ᠂ ᠤᠰᠤ ᠪᠤᠷᠳᠤᠭᠤᠷ ᠤᠨ ᠨᠢᠭᠡ ᠴᠣᠭᠴᠠᠲᠤ ᠮᠠᠰᠢᠨ᠂ ᠤᠶᠤᠨᠴᠢᠯᠠᠭᠰᠠᠨ ᠬᠦᠯᠡᠮᠵᠢ᠂ ᠲᠠᠷᠢᠶᠠᠯᠠᠩ ᠤᠨ ᠡᠳ᠋ ᠪᠠᠷᠠᠭᠠᠨ ᠤ ᠰᠦᠯᠵᠢᠶ᠎ᠡ᠂ ᠦᠷ᠎ᠡ ᠶᠢᠨ ᠨᠡᠬᠡᠮᠡᠯ ᠤᠨ ᠮᠠᠰᠢᠨ᠂ ᠲᠠᠷᠢᠶᠠᠯᠠᠭ᠎ᠠ ᠳᠤ ᠬᠡᠷᠡᠭᠯᠡᠬᠦ ᠨᠢᠰᠭᠡᠯᠴᠢ ᠦᠭᠡᠢ ᠨᠢᠰᠭᠡᠯ᠂ ᠠᠦ᠋ᠲ᠋ᠣ᠋ ᠪᠣᠭᠤᠵᠢᠯᠠᠬᠤ ᠮᠠᠰᠢᠨ᠂ ᠵᠢᠯᠣᠭᠤᠴᠢ ᠦᠬᠡᠢ ᠲᠷᠠᠺᠲ᠋ᠣᠷ ᠵᠡᠷᠭᠡ ᠨᠢ ᠴᠥᠮ ᠡᠨᠡᠬᠦ ᠶᠠᠭᠠᠷᠠᠯᠲᠠᠢ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠦᠷ ᠤᠷᠭᠤᠭᠤᠯᠵᠤ᠂ ᠲᠤᠬᠠᠢ ᠶᠢᠨ ᠲᠠᠯᠠᠪᠤᠷ ᠲᠤ ᠬᠦᠷᠦᠯᠴᠡᠨ ᠢᠷᠡᠭᠰᠡᠨ ᠦᠵᠡᠭᠴᠢᠳ ᠴᠥᠮ ᠵᠣᠭᠰᠣᠰᠬᠢᠨ ᠰᠣᠨᠢᠷᠬᠠᠵᠤ ᠂ ᠮᠠᠭᠲᠠᠨ ᠰᠠᠶᠢᠰᠢᠶᠠᠵᠤ ᠪᠠᠶᠢᠯ᠎ᠠ᠃      ᠥᠪᠥᠷ ᠮᠣᠩᠭᠤᠯ ᠤᠨ ᠬᠦᠳᠡᠭᠡ ᠠᠵᠤ  ᠠᠬᠤᠢ ᠶᠢᠨ ᠦᠵᠡᠰᠬᠦᠯᠡᠩ ᠤᠨ ᠴᠤᠭᠯᠠᠭᠠᠨ ᠠᠷᠪᠠᠨ ᠬᠡᠳᠦᠨ ᠵᠢᠯ ᠤᠨ ᠬᠥᠭᠵᠢᠯᠲᠡ ᠪᠠᠷ ᠳᠡᠮᠵᠢᠨ᠂ ᠬᠡᠪᠴᠢᠶ᠎ᠡ ᠪᠣᠯᠤᠨ ᠠᠷᠠᠯᠵᠢᠶ᠎ᠠ ᠪᠦᠲᠦᠭᠰᠡᠨ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ ᠦᠵᠡᠭᠦᠯᠭᠡ ᠶᠢᠨ ᠪᠦᠲᠦᠭᠡᠭᠳᠡᠬᠦᠨ ᠲᠠᠰᠤᠷᠠᠯᠲᠠ ᠦᠭᠡᠶ ᠳᠡᠰ ᠳᠡᠪᠰᠢᠵᠦ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠵᠢᠯ ᠳᠠᠷᠠᠭᠠᠯᠠᠨ ᠳᠡᠭᠡᠭᠰᠢᠯᠡᠵᠦ᠂ ᠣᠲᠣ ᠨᠢᠭᠡᠨᠲᠡ  ᠤᠮᠠᠷᠠᠲᠤ ᠣᠷᠣᠨ ᠤ ᠬᠠᠮᠤᠭ ᠠᠴᠠ ᠢᠯᠡᠭᠦᠤ ᠲᠠᠭᠠᠰᠢᠶᠠᠭᠳᠠᠭᠰᠠᠨ ᠨᠡᠷᠡᠲᠦ ᠲᠡᠮᠳᠡᠭᠲᠦ ᠲᠠᠷᠢᠶᠠᠯᠠᠩ ᠤᠨ ᠦᠪᠡᠳᠡᠭᠰᠢ ᠴᠤᠭᠯᠠᠭᠠᠨ ᠤ ᠨᠢᠭᠡ ᠪᠣᠯᠵᠣ᠂ ᠬᠦᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠨᠢ ᠨᠢᠭᠡᠨᠲᠡ ᠠᠭᠠᠵᠢᠮ ᠢᠶᠠᠷ ᠬᠤᠳᠠᠯᠳᠤᠭᠠᠴᠢᠳ ᠤᠨ ᠳᠡᠯᠭᠡᠨ ᠦᠵᠡᠭᠦᠯᠬᠦ ᠲᠠᠪᠴᠠᠩ᠂ ᠬᠤᠳᠠᠯᠳᠤᠭᠠᠴᠢᠳ ᠤᠨ ᠬᠤᠳᠠᠯᠳᠤᠨ ᠠᠪᠬᠤ ᠲᠠᠪᠴᠠᠩ᠂ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠶᠠᠷᠢᠶᠠᠨ ᠤ ᠲᠠᠪᠴᠠᠩ᠂ ᠮᠠᠯᠴᠢᠨ ᠲᠠᠷᠢᠶᠠᠴᠢᠨ ᠤ ᠴᠢᠬᠤᠯᠠ ᠪᠠᠶᠠᠷ ᠤᠨ ᠡᠳᠦᠷ ᠪᠣᠯᠤᠭᠰᠠᠨ ᠪᠥᠭᠡᠳ ᠪᠠᠰᠠ ᠥᠪᠥᠷ ᠮᠣᠩᠭᠤᠯ ᠤᠨ ᠣᠨᠴᠠᠯᠢᠭ ᠲᠠᠢ ᠨᠠᠷᠠᠲᠤ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ ᠨᠠᠩ ᠰᠠᠶᠢᠨ ᠢᠶᠠᠷ ᠭᠠᠳᠠᠭᠰᠢ ᠭᠠᠷᠭᠠᠬᠤ ᠴᠢᠬᠤᠯᠠ ᠴᠣᠩᠬᠤ ᠪᠣᠯᠤᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号