ᠬᠥᠬᠡᠬᠤᠲᠠ ᠶᠢᠨ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2021/3/19
        ᠸᠠᠩ ᠯᠢ ᠰᠢᠶᠠ  ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠤᠷᠤᠵᠤ         ᠳ᠋ᠧᠩ ᠶᠤᠸᠠᠢ ᠯᠧᠦ ᠬᠤᠷᠠᠯ ᠳᠤ ᠣᠷᠣᠯᠴᠠᠨ ᠵᠢᠭᠠᠨ ᠵᠢᠯᠣᠭᠤᠳᠴᠤ         ᠾᠧ ᠬᠠᠶ ᠳ᠋ᠦᠩ ᠡᠷᠬᠢᠯᠡᠨ ᠴᠠᠩ ᠫᠸᠢ ᠵᠥᠩ ᠪᠠᠶ ᠶᠦᠩ ᠫᠢᠩ ᠤᠷᠤᠯᠴᠠᠪᠠ      3  ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠶᠡᠷᠦᠩᠬᠡᠢ ᠱᠦᠵᠢ ᠰᠢ ᠶᠢᠨ ᠫᠢᠩ  ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠰᠤᠷᠤᠯᠭ᠎ᠠ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠢ ᠤᠷᠤᠵᠤ᠂ ᠪᠦᠬᠦ ᠬᠤᠳᠠ ᠲᠠᠶᠠᠭᠠᠷ ᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠡᠳᠬᠢᠯ ᠲᠠᠯᠪᠢᠨ ᠣᠶᠢᠯᠠᠭᠠᠵᠤ᠂ ᠰᠡᠳᠬᠢᠯ ᠠᠴᠠ ᠪᠠᠨ ᠣᠶᠢᠯᠠᠭᠠᠵᠤ᠂ ᠬᠦᠴᠦᠯᠡᠨ ᠦᠢᠯᠡᠳᠦᠯᠭᠡᠵᠢᠭᠦᠯᠵᠦ᠂ ᠴᠢᠩ ᠰᠡᠳᠬᠢᠯ ᠤᠨ ᠨᠠᠶᠢᠳᠠᠯᠭ᠎ᠠ ᠶᠢ ᠨᠢ ᠪᠠᠲᠤ ᠴᠡᠭᠡᠵᠢᠯᠡᠵᠦ᠂ ᠬᠤᠪᠢᠰᠬᠠᠯ ᠤᠨ ᠤᠯᠠᠮᠵᠢᠯᠠᠯ  ᠢ ᠤᠯᠠᠮᠵᠢᠯᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠡᠮᠦᠨ᠎ᠡ ᠨᠢ ᠬᠤᠰᠢᠭᠤᠷᠠᠵᠤ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠳᠠᠶᠢᠴᠢᠯᠠᠪᠠ᠃      ᠸᠠᠩ ᠯᠢ ᠰᠢᠶᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠨᠠᠶᠢᠳᠠᠯᠭ᠎ᠠ ᠶᠢ ᠭᠦᠨ ᠰᠡᠳᠬᠢᠯᠭᠡ ᠲᠠᠢ ᠪᠠᠷ ᠡᠷᠬᠢᠴᠡᠭᠦᠯᠪᠡ᠂ ᠲᠡᠷᠡ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠠᠰᠠᠭᠤᠳᠠᠯ᠂ ᠬᠥᠭᠵᠢᠯᠲᠡ ᠶᠢᠨ ᠴᠢᠬᠤᠯᠠ ᠶᠡᠭᠡ ᠵᠠᠷᠴᠢᠮ ᠤᠨ ᠠᠰᠠᠭᠤᠳᠠᠯ᠂ ᠬᠥᠭᠵᠢᠯᠲᠡ ᠶᠢᠨ ᠠᠷᠭ᠎ᠠ ᠵᠠᠮ ᠤᠨ ᠠᠰᠠᠭᠤᠳᠠᠯ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠰᠠᠭᠤᠳᠠᠯ᠂ ᠬᠥᠭᠵᠢᠯᠲᠡ ᠶᠢᠨ ᠥᠷᠲᠡᠭ ᠤᠨ ᠬᠠᠨᠳᠤᠰᠢ ᠶᠢᠨ ᠠᠰᠠᠭᠤᠳᠠᠯ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠤᠨ ᠠᠰᠠᠭᠤᠳᠠᠯ᠂ ᠨᠠᠮ ᠤᠨ ᠭᠡᠰᠢᠭᠦᠨ ᠪᠠ ᠺᠠᠳ᠋ᠷᠴᠤᠳ ᠤᠨ ᠠᠵᠢᠯ ᠤᠨ ᠰᠤᠷᠲᠠᠯ ᠤᠨ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠦᠭᠦᠯᠡᠪᠡ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠬᠠᠮᠤᠭ ᠤᠨ ᠲᠣᠳᠣᠷᠬᠠᠢ᠂ ᠪᠦᠬᠦ ᠲᠠᠯ᠎ᠠ ᠶᠢᠨ᠂ ᠤᠨᠤᠪᠴᠢᠲᠠᠢ ᠪᠠᠶᠢᠷᠢ ᠲᠣᠭᠲᠠᠭᠠᠯᠲᠠ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠳᠤ ᠲᠣᠭᠲᠠᠭᠠᠭᠰᠠᠨ ︽ᠵᠠᠮ ᠱᠤᠭᠤᠮ ᠤᠨ ᠵᠢᠷᠤᠭ︾᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠥᠪᠥᠷ ᠮᠣᠩᠭᠤᠯ ᠤᠨ ᠬᠠᠭᠤᠳᠠᠰᠤ︾ ᠪᠣᠯᠤᠨ᠎ᠠ᠂ ᠪᠦᠬᠦ ᠬᠤᠳᠠ ᠪᠠᠷ ᠢᠶᠠᠨ ᠢᠮᠠᠭᠲᠠ ︽ᠬᠤᠶᠠᠷ ᠢ ᠬᠦᠷᠢᠶᠡᠯᠡᠬᠦ︾ ᠦᠨᠳᠦᠷᠴᠡ ᠳᠤ ᠵᠣᠭᠰᠣᠵᠤ᠂ ᠭᠦᠨᠵᠡᠭᠡᠢ ᠰᠤᠳᠤᠯᠤᠨ ᠨᠠᠷᠢᠨ ᠣᠶᠢᠯᠠᠭᠠᠵᠤ᠂ ᠨᠢᠭᠡ ᠴᠤᠭᠴᠠᠵᠢᠭᠤᠯᠤᠨ ᠰᠤᠷᠤᠯᠴᠠᠵᠦ᠂ ᠲᠤᠭᠤᠰᠢᠲᠠᠢ ᠣᠶᠢᠯᠠᠭᠠᠵᠤ᠂ ᠲᠡᠷᠡ ᠶᠣᠰᠤᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠸᠠᠩ ᠯᠢ ᠰᠢᠶᠠ ᠤᠬᠠᠭᠤᠯᠤᠨ ᠲᠠᠶᠢᠯᠪᠤᠷᠢᠯᠠᠬᠤ ᠳᠠᠭᠠᠨ ᠵᠢᠭᠠᠭᠰᠠᠨ ᠨᠢ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ ᠨᠢ ᠨᠢᠭᠡᠨ ᠠᠵᠤ ᠠᠬᠤᠢ ᠶᠢᠨ ᠱᠠᠭᠠᠷᠳᠠᠯᠭ᠎ᠠ ᠲᠡᠳᠦᠢ ᠦᠭᠡᠢ᠂ ᠨᠡᠩ ᠴᠤ ᠨᠢᠭᠡᠨ ᠤᠯᠤᠰ ᠲᠦᠷᠦ ᠶᠢᠨ ᠱᠠᠭᠠᠷᠳᠠᠯᠭ᠎ᠠ ᠮᠦᠨ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠳᠤ ᠪᠥᠭᠡᠷᠡᠩᠬᠡᠢ᠂ ᠳᠥᠭᠦᠮᠬᠡᠨ᠂ ᠤᠬᠠᠭᠳᠠᠬᠤᠨ ᠢᠶᠠᠷ ᠤᠷᠢᠶ᠎ᠠ ᠬᠠᠰᠬᠢᠷᠴᠤ ᠪᠣᠯᠬᠤ ᠦᠭᠡᠢ᠂ ᠡᠷᠬᠡᠪᠰᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠣᠶᠢᠯᠠᠭᠠᠯᠲᠠ ᠪᠠᠨ ᠭᠦᠨᠵᠡᠭᠡᠶᠢᠷᠡᠭᠦᠯᠬᠦ ᠶᠠᠪᠤᠴᠠ ᠳᠤ ᠨᠡᠩ ᠰᠠᠶᠢᠲᠤᠷ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠦᠬᠦ ᠬᠤᠳᠠ ᠪᠠᠷ ᠢᠶᠠᠨ ᠡᠷᠡᠯᠬᠡᠭᠯᠡᠨ ᠤᠷᠤᠭᠰᠢᠯᠠᠬᠤ ᠪᠠᠶᠢᠯᠳᠤᠬᠤ ᠪᠤᠳᠤᠯᠭ᠎ᠠ ᠶᠢᠨ ᠪᠠᠲᠤ ᠬᠦᠴᠦᠨ ᠢ ᠪᠠᠷᠢᠮᠲᠠᠯᠠᠵᠤ᠂ ᠰᠢᠰᠲ᠋ᠧᠮ ᠤᠨ ᠰᠡᠳᠬᠢᠬᠦᠢ ᠶᠢ ᠪᠠᠷᠢᠮᠲᠠᠯᠠᠵᠤ᠂ ᠪᠦᠬᠦᠯᠢ ᠴᠣᠭᠴᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠢᠮᠠᠭᠲᠠ ︽ᠬᠤᠶᠠᠷ ᠢ ᠬᠦᠷᠢᠶᠡᠯᠡᠬᠦ︾ ᠦᠨᠳᠦᠷᠴᠡ ᠳᠤ ᠵᠣᠭᠰᠣᠵᠤ ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠤᠢᠢᠯᠠᠭᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠤ ︽ᠬᠥᠬᠡᠬᠤᠲᠠ ᠶᠢᠨ ᠦᠢᠯᠡᠳᠦᠯᠭᠡ︾ ᠶᠢ ᠦᠨᠡᠨᠬᠦ ᠪᠦᠷᠢᠯᠳᠦᠭᠦᠯᠬᠦ ᠬᠡᠷᠡᠭᠲᠡᠢ ᠭᠡᠵᠡᠢ᠃      ᠸᠠᠩ ᠯᠢ ᠰᠢᠶᠠ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠵᠤ ᠢᠷᠡᠭᠰᠡᠨ︾᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠤᠭᠰᠠᠨ ᠨᠢ︾᠂ ︽ᠬᠤᠪᠢᠰᠬᠠᠯ ᠤᠨ ᠬᠥᠪᠡᠭᠦᠨ︾ ᠤᠯᠠᠭᠠᠨᠬᠦᠦ᠂ ︽ᠲᠠᠯ᠎ᠠ ᠨᠤᠲᠤᠭ ᠤᠨ ᠬᠦᠴᠦᠲᠦ ᠨᠠᠷᠠᠰᠤ︾ ᠳ᠋ᠦᠸᠧ ᠰᠦᠩ ᠨᠢᠶᠠᠨ ᠪᠣᠯᠤᠨ ᠬᠤᠪᠢᠰᠬᠠᠯ ᠤᠨ ᠦᠷᠡᠭᠳᠡᠭᠰᠡᠨ ᠪᠠᠭᠠᠲᠤᠷ ᠯᠢᠦ ᠬᠤᠩ ᠰᠢᠶᠦ᠋ᠩ ᠤᠨ ᠰᠡᠳᠬᠢᠯ ᠬᠥᠳᠡᠯᠭᠡᠮ᠎ᠡ ᠦᠯᠢᠭᠡᠷ ᠠᠴᠠ ᠨᠠᠮ ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠭᠤᠰᠤᠯᠴᠠᠨ ᠴᠤᠭᠯᠠᠷᠠᠭᠰᠠᠨ᠂ ᠪᠦᠯᠬᠦᠮᠳᠡᠨ ᠬᠥᠭᠵᠢᠭᠰᠡᠨ ᠥᠩᠭᠡᠷᠡᠯᠲᠡ ᠶᠢ ᠭᠦᠨ ᠰᠡᠳᠬᠢᠯᠭᠡ ᠲᠠᠢ ᠪᠠᠷ ᠡᠷᠭᠢᠴᠡᠭᠦᠯᠪᠡ᠃ ᠲᠡᠷᠡ ᠪᠦᠬᠦ ᠬᠤᠲᠠ ᠲᠠᠶᠠᠭᠠᠷ ᠢᠶᠠᠨ ᠢᠮᠠᠭᠲᠠ ︽ᠬᠤᠶᠠᠷ ᠢ ᠬᠦᠷᠢᠶᠡᠯᠡᠬᠦ︾ ᠦᠨᠳᠦᠷᠴᠡ ᠳᠡᠭᠡᠷ᠎ᠡ ᠵᠣᠭᠰᠣᠵᠤ᠂ ᠳᠤᠮᠳᠠᠳᠤ ᠤᠯᠤᠰ ᠤᠨ ᠣᠨᠴᠠᠯᠢᠭ   ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠭᠤᠶᠢᠪᠢᠰᠢ ᠦᠭᠡᠢ  ᠪᠠᠲᠤᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ  ᠲᠡᠯᠭᠡᠷᠡᠭᠦᠯᠦᠨ ᠬᠡᠷᠡᠭᠯᠡᠵᠦ᠂ ᠢᠪᠴᠤᠤ ᠦᠨᠳᠦᠰᠦᠲᠡᠨ ᠤ ᠦᠵᠡᠯ ᠤᠨ ᠦᠵᠡᠯᠲᠡ ᠶᠢ ᠡᠷᠡᠰ ᠡᠰᠡᠷᠭᠦᠴᠡᠵᠦ᠂ ᠲᠤᠭ ᠲᠡᠮᠳᠡᠭ ᠲᠣᠳᠣᠷᠬᠠᠢ ᠪᠠᠷ ᠡᠯ᠎ᠡ ᠵᠦᠢᠯ ᠤᠨ ᠪᠤᠷᠤᠭᠤ ᠦᠵᠡᠯ ᠰᠠᠨᠠᠭ᠎ᠠ ᠦᠵᠡᠯᠲᠡ ᠲᠠᠢ ᠲᠡᠮᠡᠴᠡᠯ ᠬᠢᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠳᠤᠮᠳᠠ ᠲᠥᠪ ᠬᠤᠲᠠ ᠶᠢᠨ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠢᠮᠠᠭᠲᠠ ︽ᠬᠤᠶᠠᠷ ᠢ ᠬᠦᠷᠢᠶᠡᠯᠡᠬᠦ︾ ᠦᠨᠳᠦᠷᠴᠡ ᠳᠡᠭᠡᠷ᠎ᠡ ᠵᠣᠭᠰᠣᠵᠤ᠂ ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ ᠲᠡᠦᠬᠡᠨ ᠶᠠᠪᠤᠴᠠ ᠠᠴᠠ ᠲᠡᠮᠡᠴᠡᠯ ᠤᠨ ᠰᠢᠨ᠎ᠡ ᠱᠠᠲᠤ ᠦᠶ᠎ᠡ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠣᠢ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠤᠭ᠎ᠠ ᠶᠡᠭᠡ ᠠᠮᠵᠢᠯᠲᠠ ᠪᠦᠲᠦᠮᠵᠢ ᠪᠠᠷ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠴᠢᠭᠯᠡᠯ ᠢᠶᠠᠨ ᠲᠣᠳᠣᠷᠬᠠᠶᠢᠯᠠᠬᠤ ᠶᠢ ᠪᠠᠷᠢᠮᠲᠠᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠨ ᠴᠢᠳᠠᠯ ᠢᠶᠠᠨ ᠨᠢᠭᠲᠠᠷᠠᠭᠤᠯᠬᠤ ᠶᠢ ᠪᠠᠷᠢᠮᠲᠠᠯᠠᠵᠤ᠂ ᠨᠠᠮ ᠤᠨ ᠦᠢᠯᠡᠳᠦᠯᠭᠡ ᠶᠢᠨ ᠡᠭᠦᠳᠦᠯᠲᠡ ᠪᠣᠯᠤᠨ ᠲᠡᠦᠬᠡ ᠶᠢᠨ ᠲᠤᠷᠰᠢᠯᠭ᠎ᠠ ᠪᠠᠷ ᠤᠶᠤᠨ ᠤᠬᠠᠭᠠᠨ ᠢᠶᠠᠨ ᠰᠡᠩᠬᠡᠷᠡᠭᠦᠯᠵᠦ᠂ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠨᠡᠩ ᠢᠯᠡᠬᠦᠦ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠵᠦ᠂ ᠬᠥᠭᠵᠢᠯᠲᠡ ᠶᠢ ᠠᠳᠬᠤᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠲᠥᠪ ᠬᠤᠲᠠ ᠶᠢᠨ ᠬᠦᠴᠦᠨ ᠢᠶᠠᠨ ᠡᠷᠭᠦᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠡᠢ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠳ᠋ᠧᠩ ᠶᠤᠸᠠᠢ ᠯᠧᠦ ᠵᠢᠴᠢ ᠵᠢᠯᠣᠭᠤᠳᠬᠤ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃      ᠬᠤᠲᠠ ᠶᠢᠨ ᠤᠳᠤᠷᠢᠳᠤᠯᠭ᠎ᠠ ᠴᠠᠩ ᠫᠸᠢ ᠵᠥᠩ᠂ ᠪᠠᠶ ᠶᠦᠩ ᠫᠢᠩ᠂ ᠪᠥᠬᠦ ᠬᠤᠲᠠ ᠶᠢᠨ ᠳᠡᠳ᠋ ᠲᠢᠩᠬᠢᠮ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠢᠩᠬᠢᠨᠢ ᠭᠠᠵᠠᠷ ᠤᠨ ᠲᠠᠰ ᠤᠨ ᠤᠳᠤᠷᠢᠳᠬᠤ ᠨᠥᠬᠦᠳ ᠪᠣᠯᠪᠠᠰᠤᠷᠠᠭᠤᠯᠤᠯ ᠳᠤ ᠣᠷᠣᠯᠴᠠᠪᠠ᠃        ᠲᠣᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ  ᠶᠢ 4 ᠬᠤᠭᠤᠴᠠᠭ᠎ᠠ ᠬᠤᠪᠢᠶᠠᠵᠤ᠂ ᠪᠥᠬᠦ ᠬᠤᠲᠠ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ  ᠢ ᠲᠤᠰᠬᠠᠶ ᠰᠡᠳᠦᠪ ᠢᠶᠠᠷ ᠡᠭᠡᠯᠵᠢᠯᠡᠨ ᠪᠣᠯᠪᠠᠰᠤᠷᠠᠭᠤᠯᠤᠨ᠎ᠠ᠂ ᠡᠭᠦᠨ ᠤ ᠵᠣᠷᠢᠯᠭ᠎ᠠ ᠨᠢ ︽ᠪᠦᠬᠦᠨ ᠢ ᠬᠠᠮᠤᠷᠬᠤ︾ ᠬᠡᠯᠪᠡᠷᠢ ᠪᠠᠷ ᠳᠠᠮᠵᠢᠭᠤᠯᠤᠨ ᠪᠥᠬᠦ ᠬᠤᠲᠠ ᠶᠢᠨ ᠡᠯ᠎ᠡ ᠱᠠᠲᠤᠨ ᠤ ᠺᠠᠳ᠋ᠷᠴᠤᠳ ᠲᠤ ᠲᠠᠰ ᠲᠥᠷᠥᠯ ᠬᠤᠪᠢᠶᠠᠨ ᠤᠯᠤᠰ ᠲᠥᠷᠥ ᠶᠢᠨ ᠪᠣᠯᠪᠠᠰᠤᠷᠠᠭᠤᠯᠤᠯ  ᠬᠦᠷᠲᠡᠬᠡᠵᠦ᠂ ᠶᠡᠷᠦᠩᠬᠡᠶ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ᠂ ᠨᠠᠨᠳᠢᠨ ᠨᠠᠶᠢᠳᠠᠯᠭ᠎ᠠ ᠶᠢ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ ᠤᠯᠠᠮᠵᠢᠯᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ ᠠᠩᠬᠠᠳᠤᠭᠠᠷ ᠬᠤᠭᠤᠴᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠪᠣᠯ ᠨᠢᠭᠡ ᠤᠳᠠᠭᠠᠨ ᠤ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠠᠩᠭᠢ ᠪᠣᠯᠬᠤ ᠪᠥᠭᠡᠳ ᠮᠦᠨᠴᠦ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢᠨ ᠰᠤᠷᠤᠯᠭ᠎ᠠ ᠡᠬᠢᠯᠡᠭᠰᠡᠨ ︽ᠠᠩᠬᠠᠨ ᠤ ᠬᠢᠴᠢᠶᠡᠯ︾ ᠪᠣᠯᠤᠨ᠎ᠠ᠃                                                  ᠰᠤᠷᠪᠤᠯᠵᠢᠯᠠᠭᠴᠢ ᠹᠧᠩ ᠶᠠᠨ ᠫᠢᠩ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号