ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠠᠴᠠ 2021 ᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 1236 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2021/3/2
      ︵ᠰᠤᠷᠪᠤᠯᠵᠢᠯᠠᠭᠴᠢ ᠰᠦᠩ ᠰᠢᠶᠠᠩ ᠬᠤᠸᠠ︶ ︽ 2021 ᠣᠨ ᠤ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ  ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠥᠰᠥᠪ ᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠠᠴᠠ ᠣᠷᠴᠢᠮ  2021 ᠣᠨ ᠤ ᠡᠩ ᠤᠨ ᠳᠡᠭᠡᠳᠦ ᠳᠤᠮᠳᠠᠳᠤ ᠰᠤᠷᠭᠠᠭᠤᠯᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 1236 ᠲᠦᠮᠡᠨ ᠲᠥᠭᠦᠷᠢᠭ ᠪᠠᠭᠤᠯᠭᠠᠪᠠ᠃      ᠡᠨᠡ ᠬᠦ ᠪᠡᠯᠡ ᠮᠥᠩᠭᠦ ᠨᠢ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ  ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ 2021 ᠣᠨ ᠳᠤ ᠰᠢᠨ᠎ᠡ ᠪᠠᠷ ᠨᠡᠮᠡᠭᠰᠡᠨ ᠲᠥᠷᠥᠯ ᠵᠦᠢᠯ ᠪᠣᠯᠣᠨ᠎ᠠ᠂ ᠪᠡᠯᠡ ᠮᠥᠩᠭᠦ ᠶᠢ ᠵᠢᠱᠢᠶᠡᠴᠢ ᠴᠢᠨᠠᠷ ᠲᠠᠢ ᠳᠡᠭᠡᠳᠦ  ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠢ ᠪᠦᠲᠦᠭᠡᠨ ᠪᠠᠶᠢᠭᠤᠯᠬᠤ ᠪᠠ ᠰᠤᠷᠭᠠᠨ ᠬᠥᠮᠥᠵᠢᠯ ᠤᠨ ᠲᠣᠨᠤᠭ ᠲᠥᠬᠦᠭᠡᠷᠦᠮᠵᠢ ᠮᠡᠷᠭᠡᠵᠢᠯ ᠬᠡᠷᠡᠭᠯᠡᠭᠡ ᠶᠢᠨ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠬᠦ ᠳᠤ ᠬᠡᠷᠡᠭᠯᠡᠨ᠎ᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠦᠨᠡᠨᠬᠦ ᠲᠣᠭᠲᠠᠭᠠᠯ ᠶᠣᠰᠣᠭᠠᠷ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠤᠨ ᠱᠠᠭᠠᠷᠳᠠᠯᠭ᠎ᠠ ᠶᠤᠰᠤᠭᠠᠷ᠂ ᠠᠮᠵᠢᠯᠲᠠ ᠪᠦᠲᠦᠮᠵᠢ ᠶᠢᠨ ᠬᠠᠷᠠᠯᠲᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠶᠤᠯᠭᠦᠢ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠡᠯᠡ ᠮᠥᠩᠭᠦ ᠶᠢ ᠲᠣᠭᠲᠠᠭᠠᠭᠰᠠᠨ ᠬᠡᠷᠡᠭᠴᠡᠭᠡ ᠶᠢᠨ ᠲᠣᠬᠢᠷᠠᠭᠤᠯᠤᠯᠲᠠ ᠶᠣᠰᠣᠭᠠᠷ ᠬᠡᠷᠡᠭᠯᠡᠵᠦ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠪᠡᠯᠡ ᠮᠥᠩᠭᠦ ᠶᠢ ᠲᠤᠰᠬᠠᠢ ᠲᠥᠷᠥᠯ ᠢᠶᠠᠷ ᠬᠡᠷᠡᠭᠯᠡᠨ᠂ ᠪᠡᠯᠡ ᠮᠥᠩᠭᠦ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠤᠰᠬᠠᠢ ᠲᠥᠷᠥᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ︽ᠲᠥᠰᠥᠪ ᠤᠨ ᠠᠷᠭ᠎ᠠ︾ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠲᠦᠷᠢᠮ︾ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠥᠪ ᠴᠢᠩᠭ᠎ᠠ ᠪᠠᠷ ᠰᠢᠢᠳᠬᠡᠨ᠎ᠡ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号