ᠪᠦᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ︽  ︿ᠨᠠᠮ ᠤᠨ ᠲᠡᠦᠬᠡ ᠶᠢ ᠰᠠᠶᠢᠨ ᠰᠤᠷᠤᠯᠴᠠᠨ ᠨᠠᠮ ᠢᠶᠠᠨ ᠳᠠᠭᠠᠵᠤ᠂ ᠬᠤᠪᠢᠰᠬᠠᠯ ᠤᠨ ᠤᠯᠠᠮᠵᠢᠯᠠᠯ ᠢ ᠦᠶ᠎ᠡ ᠶᠢᠨ ᠦᠶ᠎ᠡ ᠳᠤ ᠵᠠᠯᠭᠠᠮᠵᠢᠯᠠᠶ᠎ᠠ﹀ ᠭᠤᠣᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ︾ ︽ᠦᠨᠳᠦᠰᠦᠨ ᠬᠠᠤᠯᠢ ᠳᠤ ᠲᠠᠩᠭᠠᠷᠢᠭᠯᠠᠬᠤ︾ ︽ᠨᠠᠮ ᠤᠨ ᠲᠤᠭ ᠤᠨ ᠳᠣᠣᠷ᠎ᠠ ᠲᠠᠩᠭᠠᠷᠢᠭᠯᠠᠬᠤ︾ ᠰᠢᠷᠢᠰ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2021/3/2
     ︵ᠰᠤᠷᠪᠤᠯᠵᠢᠯᠠᠭᠴᠢ ᠮᠢᠶᠥᠥ ᠴᠢᠩ︶ 3 ᠳ᠋ᠤᠭᠠᠷ ᠰᠠᠷ᠎ᠠ ᠶᠢᠨ 1 ᠤ ᠡᠳᠦᠷ᠂ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ︽ᠨᠠᠮ ᠤᠨ ᠲᠡᠦᠬᠡ ᠶᠢ ᠰᠠᠶᠢᠨ ᠰᠤᠷᠤᠯᠴᠠᠨ ᠨᠠᠮ ᠢᠶᠠᠨ ᠳᠠᠭᠠᠵᠤ᠂ ᠬᠤᠪᠢᠰᠬᠠᠯ ᠤᠨ ᠤᠯᠠᠮᠵᠢᠯᠠᠯ ᠢ ᠦᠶ᠎ᠡ ᠶᠢᠨ ᠦᠶ᠎ᠡ ᠳᠤ ᠵᠠᠯᠭᠠᠮᠵᠢᠯᠠᠶ᠎ᠠ︾ ᠭᠤᠣᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ ᠡᠷᠬᠢᠯᠡᠵᠦ᠂ ᠰᠤᠷᠭᠠᠭᠤᠯᠢ ᠡᠬᠢᠯᠡᠬᠦ ᠶᠣᠰᠣᠯᠠᠯ ᠶᠠᠪᠤᠭᠤᠯᠪᠠ︔ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠪᠠᠭᠰᠢ ᠠᠵᠢᠯᠲᠠᠳ ᠢᠶᠠᠨ ᠵᠣᠬᠢᠶᠠᠨ ᠪᠠᠶᠢᠭᠤᠯᠤᠨ ︽ᠦᠨᠳᠦᠰᠦᠨ ᠬᠠᠤᠯᠢ ᠳᠤ ᠲᠠᠩᠭᠠᠷᠢᠭᠯᠠᠬᠤ︾ ᠬᠥᠳᠡᠯᠭᠡᠭᠡᠨ ᠥᠷᠨᠢᠭᠦᠯᠵᠦ᠂ 3.4 ᠲᠦᠮᠡᠨ ᠪᠠᠭᠰᠢ ᠣᠷᠣᠯᠴᠠᠪᠠ︔ 7000 ᠭᠠᠷᠤᠢ ᠨᠠᠮ ᠤᠨ ᠭᠡᠰᠢᠭᠦᠨ ᠪᠠᠭᠰᠢ ᠨᠠᠮ ᠤᠨ ᠲᠤᠭ ᠤᠨ ᠳᠣᠣᠷ᠎ᠠ ᠲᠥᠪ ᠶᠡᠬᠡᠮᠰᠦᠭ ᠢᠶᠠᠷ ᠲᠠᠩᠭᠠᠷᠢᠭᠯᠠᠵᠤ᠂ ᠨᠠᠮ ᠳᠤ ᠣᠷᠣᠭᠰᠠᠨ ᠲᠠᠩᠭᠠᠷᠢᠭ ᠢᠶᠠᠨ ᠳᠠᠬᠢᠨᠲᠠ ᠳᠠᠪᠲᠠᠪᠠ᠃ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠥᠵᠢᠯ᠂ ᠡᠬᠡ ᠣᠷᠣᠨᠴᠢ ᠦᠵᠡᠯ ᠤᠨ ᠬᠥᠮᠥᠵᠢᠯ᠂ ᠨᠠᠮ ᠤᠨ ᠲᠡᠦᠬᠡ ᠶᠢᠨ ᠬᠥᠮᠥᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠪᠠ ︽ᠬᠢᠵᠢᠭ ᠲᠠᠢ ᠲᠡᠮᠡᠴᠡᠬᠦ︾ ᠪᠠᠷ ᠭᠤᠣᠯ ᠰᠡᠳᠦᠪ ᠪᠣᠯᠭᠠᠭᠰᠠᠨ ︽ᠰᠤᠷᠭᠠᠭᠤᠯᠢ ᠡᠬᠢᠯᠡᠭᠰᠡᠨ ᠨᠢᠭᠡᠳᠦᠭᠡᠷ ᠬᠢᠴᠢᠶᠡᠯ︾ ᠢ ᠵᠣᠬᠢᠶᠠᠨ ᠪᠠᠶᠢᠭᠤᠯᠤᠨ ᠡᠷᠬᠢᠯᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号