ᠬᠥᠬᠡᠬᠤᠲᠠ ᠠᠴᠠ ᠵᠢᠨᠠᠨ ᠬᠦᠷᠬᠦ ᠬᠤᠷᠳᠤᠨ ᠤ ᠭᠠᠯᠲᠤ ᠲᠡᠷᠭᠡ ᠡᠬᠢᠯᠡᠵᠦ ᠠᠶᠠᠯᠠᠪᠠ
ᠨᠡᠶᠢᠲᠡᠯᠡᠭᠰᠡᠨ ᠴᠠᠭ᠄
2021/3/2
      ︵ᠰᠤᠷᠪᠤᠯᠵᠢᠯᠠᠭᠴᠢ ᠶᠦᠨ ᠶᠠᠨ ᠹᠠᠩ︶ 2 ᠳ᠋ᠤᠭᠠᠷ ᠰᠠᠷ᠎ᠠ ᠶᠢᠨ 27 ᠤ ᠡᠳᠦᠷ ᠤᠨ 9 ᠴᠠᠭ 34 ᠮᠢᠨᠦ᠋ᠲ ᠲᠤ᠂ ᠬᠥᠬᠡᠬᠤᠲᠠ ᠶᠢᠨ ᠵᠡᠭᠦᠨ ᠥᠷᠲᠡᠭᠡ ᠪᠠ ᠵᠢᠨᠠᠨ ᠤ ᠪᠠᠷᠠᠭᠤᠨ ᠥᠷᠲᠡᠭᠡ ᠶᠢᠨ ᠬᠤᠭᠤᠷᠣᠨᠳᠤ ᠶᠢᠨ ᠠᠩᠬᠠᠨ ᠤ ᠡᠭᠡᠯᠵᠢ ᠶᠢᠨ ᠬᠤᠷᠳᠤᠨ ᠤ ᠭᠠᠯᠲᠤ ᠲᠡᠷᠭᠡ ᠬᠥᠬᠡᠬᠤᠲᠠ ᠶᠢᠨ ᠵᠡᠭᠦᠨ ᠥᠷᠲᠡᠭᠡᠨ ᠠᠴᠠ ᠮᠣᠷᠳᠠᠵᠤ᠂ ᠥᠪᠥᠷ ᠮᠣᠩᠭᠤᠯ ᠤᠨ ᠬᠤᠷᠳᠤᠨ ᠤ ᠭᠠᠯᠲᠤ ᠲᠡᠷᠭᠡ ᠳᠣᠷᠣᠨᠠᠲᠤ ᠣᠷᠣᠨ ᠳᠤ ᠠᠩᠬ᠎ᠠ ᠨᠡᠪᠲᠡᠷᠡᠭᠰᠡᠨ ᠢ ᠬᠠᠷᠠᠭᠤᠯᠪᠠ᠃      ᠣᠶᠢᠯᠠᠭᠠᠭᠰᠠᠨ ᠢᠶᠠᠷ᠂ 2 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠨ᠂ ᠬᠥᠬᠡᠬᠤᠲᠠ ᠶᠢᠨ ᠵᠡᠭᠦᠨ ᠥᠷᠲᠡᠭᠡ ᠠᠴᠠ ᠵᠢᠨᠠᠨ ᠤ ᠪᠠᠷᠠᠭᠤᠨ ᠥᠷᠲᠡᠭᠡ ᠬᠦᠷᠬᠦ D2780/77 ᠡᠭᠡᠯᠵᠢ ᠶᠢᠨ ᠬᠤᠷᠳᠤᠨ ᠤ ᠭᠠᠯᠲᠤ ᠲᠡᠷᠭᠡ ᠶᠢ ᠡᠳᠦᠷ ᠪᠦᠷᠢ ᠠᠶᠠᠯᠠᠭᠤᠯᠤᠨ᠎ᠠ᠃ ᠴᠠᠭ ᠨᠢ ᠬᠥᠬᠡᠬᠤᠲᠠ ᠶᠢᠨ ᠵᠡᠭᠦᠨ ᠥᠷᠲᠡᠭᠡ ᠠᠴᠠ 09᠄ 34 ᠲᠤ ᠭᠠᠷᠴᠤ᠂ 19᠄ 01 ᠲᠤ ᠵᠢᠨᠠᠨ ᠤ ᠪᠠᠷᠠᠭᠤᠨ ᠥᠷᠲᠡᠭᠡᠨ ᠳᠤ ᠬᠦᠷᠦᠨ᠎ᠡ︔ 2 ᠳ᠋ᠤᠭᠠᠷ ᠰᠠᠷ᠎ᠠ ᠶᠢᠨ 28 ᠤ ᠡᠳᠦᠷ ᠠᠴᠠ ᠡᠬᠢᠯᠡᠨ᠂ ᠵᠢᠨᠠᠨ ᠤ ᠪᠠᠷᠠᠭᠤᠨ ᠥᠷᠲᠡᠭᠡ ᠠᠴᠠ ᠬᠥᠬᠡᠬᠤᠲᠠ ᠶᠢᠨ ᠵᠡᠭᠦᠨ ᠥᠷᠲᠡᠭᠡ ᠬᠦᠷᠬᠦ D2778/9 ᠡᠭᠡᠯᠵᠢ ᠶᠢᠨ ᠬᠤᠷᠳᠤᠨ ᠤ ᠭᠠᠯᠲᠤ ᠲᠡᠷᠭᠡ ᠶᠢ ᠡᠳᠦᠷ ᠪᠦᠷᠢ ᠠᠶᠠᠯᠠᠭᠤᠯᠤᠨ᠎ᠠ᠃ ᠴᠠᠭ ᠨᠢ ᠵᠢᠨᠠᠨ ᠤ ᠪᠠᠷᠠᠭᠤᠨ ᠥᠷᠲᠡᠭᠡ ᠠᠴᠠ 08᠄ 30 ᠳᠤ ᠭᠠᠷᠴᠤ᠂ 18᠄ 02 ᠲᠤ ᠬᠥᠬᠡᠬᠤᠲᠠ ᠶᠢᠨ ᠵᠡᠭᠦᠨ ᠥᠷᠲᠡᠭᠡᠨ ᠳᠤ ᠢᠷᠡᠨ᠎ᠡ᠃      ᠬᠥᠬᠡᠬᠤᠲᠠ ᠶᠢᠨ ᠵᠡᠭᠦᠨ ᠥᠷᠲᠡᠭᠡ  ᠪᠠ ᠵᠢᠨᠠᠨ ᠤ ᠪᠠᠷᠠᠭᠤᠨ ᠥᠷᠲᠡᠭᠡ ᠶᠢᠨ ᠬᠤᠭᠤᠷᠣᠨᠳᠤᠬᠢ ᠠᠶᠠᠯᠠᠯ ᠤᠨ ᠵᠠᠮ ᠨᠢ ᠪᠠᠷᠤᠭ 1169 ᠺᠢᠯᠣᠮᠧᠲᠷ ᠪᠠᠶᠢᠵᠤ᠂ ᠵᠠᠮ ᠳᠠᠭᠠᠨ ᠥᠪᠥᠷ ᠮᠣᠩᠭᠤᠯ᠂ ᠱᠠᠨ ᠰᠢ᠂ ᠾᠧᠪᠧᠢ ᠪᠣᠯᠣᠨ ᠱᠠᠨᠳᠦ᠋ᠩ ᠳᠥᠷᠪᠡᠨ ᠮᠤᠵᠢ ᠣᠷᠣᠨ ᠢ ᠥᠩᠭᠡᠷᠡᠵᠦ᠂ ᠬᠥᠬᠡᠬᠤᠲᠠ᠂ ᠤᠯᠠᠭᠠᠨᠴᠠᠪ᠂ ᠳ᠋ᠠᠲ᠋ᠦ᠋ᠩ᠂ ᠲᠠᠶᠢᠶᠤᠸᠠᠨ᠂ ᠴᠢᠭᠤᠯᠤᠯᠲᠤ ᠬᠠᠭᠠᠯᠭ᠎ᠠ᠂ ᠾᠧᠩᠱᠦ᠋ᠢ᠂ ᠳ᠋ᠧᠵᠸᠦ᠂ ᠵᠢᠨᠠᠨ ᠵᠡᠷᠭᠡ 8 ᠬᠤᠲᠠ ᠶᠢ ᠬᠤᠯᠪᠣᠨ᠎ᠠ᠃ ᠭᠠᠭᠴᠠ ᠴᠢᠭᠯᠡᠯ ᠤᠨ ᠵᠠᠮ ᠢ ᠬᠠᠮᠤᠭ ᠬᠤᠷᠳᠤᠨ ᠳᠠᠭᠠᠨ 9 ᠴᠠᠭ 27 ᠮᠢᠨᠦ᠋ᠲ ᠠᠶᠠᠯᠠᠵᠤ᠂ ᠤᠤᠯ ᠤᠨ ᠡᠩ ᠤᠨ ᠬᠤᠷᠳᠤᠨ ᠭᠠᠯᠲᠤ ᠲᠡᠷᠭᠡ ᠶᠢᠨ ᠠᠶᠠᠯᠠᠬᠤ ᠴᠠᠭ ᠠᠴᠠ 7 ᠴᠠᠭ ᠣᠷᠴᠢᠮ ᠪᠠᠭᠠᠰᠬᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ