ᠬᠤᠷᠢᠨᠭᠡᠷ ᠰᠢᠶᠠᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/22
     3 ᠳ᠋ᠤᠭᠠᠷ ᠰᠠᠷ᠎ᠠ ᠶᠢᠨ 17 ᠤ ᠣᠷᠣᠶ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠰᠠᠶᠢᠲᠤᠷ ᠵᠠᠮᠨᠠᠵᠤ᠂ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ︽ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ ᠶᠠᠪᠤᠳᠠᠯ ᠮᠥᠨ᠂ ᠪᠡᠯᠡ ᠣᠷᠣᠭᠤᠯᠤᠯᠲᠠ ᠶᠢ ᠠᠳᠬᠤᠬᠤ ᠪᠣᠯ ᠳᠠᠷᠤᠶ ᠢᠷᠡᠭᠡᠳᠦᠶ ᠶᠢ ᠠᠳᠬᠤᠬᠤ ᠶᠠᠪᠤᠳᠠᠯ ᠮᠥᠨ︾ ᠭᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠬᠤ᠂ ᠬᠥᠭᠵᠢᠯᠲᠡ ᠶᠢᠨ ᠬᠠᠨᠳᠤᠰᠢ ᠶᠢ ᠬᠤᠷᠠᠮᠳᠤᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠵᠤ᠂ ᠲᠦᠷᠦᠯ ᠵᠦᠢᠯ ᠤᠨ ᠶᠡᠭᠡ ᠪᠦᠳᠦᠭᠡᠨ ᠪᠠᠶᠢᠭᠤᠯᠤᠯᠲᠠ ᠪᠠᠷ ᠠᠵᠤ ᠠᠬᠤᠢ ᠶᠢᠨ ᠶᠡᠭᠡ ᠬᠥᠭᠵᠢᠯᠲᠡ ᠶᠢ ᠬᠦᠳᠦᠯᠦᠨ ᠳᠠᠭᠠᠭᠤᠯᠬᠤ ᠪᠠᠷ ᠴᠢᠷᠮᠠᠶᠢᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃      ᠬᠤᠷᠠᠯ ᠠᠴᠠ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠴᠤ ᠂ ᠠᠵᠢᠯ ᠤᠨ ᠡᠭᠦᠷᠭᠡ ᠨᠢᠭᠡᠪᠦᠷᠢ ᠶᠢ ᠨᠢᠭᠡᠳ ᠨᠢᠭᠡ ᠪᠠᠷ ᠡᠮᠬᠢᠯᠡᠵᠦ᠂ ᠠᠵᠢᠯ ᠤᠨ ᠠᠬᠢᠴᠠ᠂ ᠠᠬᠢᠭᠤᠯᠬᠤ ᠠᠷᠭ᠎ᠠ ᠬᠡᠮᠵᠢᠶ᠎ᠡ ᠶᠢ ᠤᠢᠢᠯᠠᠭᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠵᠠᠩ ᠶᠦᠩ ᠸᠧᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠮᠠᠨ ᠤ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽ᠠᠯᠢᠪᠠ ᠪᠦᠬᠦᠨ ᠲᠥᠷᠥᠯ ᠵᠦᠢᠯ ᠤᠨ ᠲᠣᠭᠤᠷᠢᠨ ᠳᠤ᠂ ᠠᠯᠢᠪᠠ ᠪᠦᠬᠦᠨ ᠲᠥᠷᠥᠯ ᠵᠦᠢᠯ ᠳᠤ ᠦᠢᠯᠡᠴᠢᠯᠡᠬᠦ︾ ᠶᠢ ᠪᠠᠷᠢᠮᠲᠠᠯᠠᠵᠤ᠂ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠭᠦᠷᠭᠡ ᠪᠠᠨ ᠡᠭᠦᠷᠭᠡᠯᠡᠨ ᠠᠵᠢᠯ ᠬᠢᠵᠦ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠠᠭ ᠮᠥᠴᠡ ᠶᠢ ᠠᠯᠳᠠᠯ ᠥᠬᠡᠶ ᠠᠮᠵᠢᠨ ᠲᠦᠷᠭᠡᠨ ᠠᠵᠢᠯᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠣᠯᠵᠤ᠂ ︽ᠶᠠᠪᠤᠳᠠᠯ ᠪᠦᠬᠦᠨ ᠢ ᠳᠠᠷᠦ᠋ᠢᠬᠠᠨ ᠭᠦᠶ᠋ᠴᠡᠳᠬᠡᠵᠦ᠂ ᠬᠥᠮᠦᠨ ᠪᠦᠬᠦᠨ ᠵᠣᠷᠢᠭᠲᠠᠶ ᠪᠠᠷ ᠡᠭᠦᠷᠭᠡᠯᠡᠬᠦ︾ ︽ᠭᠦᠢᠴᠡᠳᠬᠡᠵᠦ ᠳᠡᠶᠢᠯᠬᠦ ᠳᠤ ᠰᠢᠯᠲᠠᠭᠠᠨ ᠡᠷᠢᠬᠦ ᠦᠭᠡᠢ᠂ ᠵᠥᠪᠬᠡᠨ ᠰᠠᠶᠢᠲᠤᠷ ᠬᠢᠬᠦ ᠶᠢᠨ ᠲᠥᠯᠥᠭᠡ ᠠᠷᠭ᠎ᠠ ᠪᠤᠳᠤᠬᠤ︾ ᠶᠠᠪᠤᠳᠠᠯ ᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠡᠪ ᠤᠨ ᠪᠠᠶᠢᠳᠠᠯ ᠪᠣᠯᠭᠠᠬᠤ ᠬᠡᠷᠡᠭᠲᠡᠶ ᠭᠡᠵᠦ ᠵᠢᠭᠠᠨ ᠭᠠᠷᠭᠠᠪᠠ᠃      ᠵᠠᠩ ᠶᠦᠩ ᠸᠧᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠨᠠᠷᠢᠨ ᠳᠠᠩᠰᠠ ᠲᠠᠢ ᠬᠠᠷᠢᠴᠠᠭᠤᠯᠵᠤ᠂ ᠲᠦᠷᠦᠯ ᠵᠦᠢᠯ ᠤᠨ ᠡᠭᠦᠷᠭᠡ ᠶᠢ ᠨᠢᠭᠡᠳ ᠨᠢᠭᠡ ᠪᠠᠷ ᠨᠠᠷᠢᠯᠢᠬᠵᠢᠭᠤᠯᠤᠨ ᠵᠠᠳᠠᠯᠬᠤ ᠶᠢ ᠲᠦᠷᠭᠡᠳᠬᠡᠵᠦ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠪᠣᠳᠠᠲᠠᠢ ᠴᠠᠭ ᠬᠤᠭᠤᠴᠠᠭ᠎ᠠ ᠶᠢ ᠲᠣᠭᠲᠠᠭᠠᠵᠤ᠂ ᠪᠣᠳᠠᠲᠠᠢ ᠬᠥᠮᠦᠰ ᠲᠤ ᠬᠦᠷᠲᠡᠯ᠎ᠡ ᠨᠠᠶᠢᠳᠠᠪᠤᠷᠢᠵᠢᠭᠤᠯᠵᠤ᠂ ᠤᠯᠠᠨ ᠲᠡᠰ ᠳᠠᠪᠬᠤᠷᠭ᠎ᠠ ᠶᠢᠨ ᠬᠠᠷᠠᠯᠲᠠᠲᠤ ᠰᠢᠰᠲ᠋ᠧᠮ ᠪᠣᠯᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠦᠨᠡᠨᠬᠦ ᠪᠦᠷᠢᠯᠳᠦᠭᠦᠯᠬᠦ ᠬᠡᠷᠡᠭᠲᠡᠢ᠃ ᠲᠤᠯᠭᠠᠭᠤᠷᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠦᠴᠦᠷᠬᠡᠭᠵᠢᠭᠦᠯᠬᠦ ᠶᠢ ᠰᠠᠶᠢᠲᠤᠷ ᠠᠳᠬᠤᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ ᠪᠤᠵᠠᠭᠠᠶᠢᠷᠠᠭᠤᠯᠵᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠪᠠᠬᠢᠵᠢᠭᠦᠯᠬᠦ ᠪᠠᠷ ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠡᠯᠡ ᠮᠥᠩᠭᠦᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠦᠷᠳᠡᠭ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠬᠠᠮᠵᠢᠯᠴᠠᠨ ᠬᠦᠭᠵᠢᠭᠦᠯᠬᠦ ᠶᠢ ᠠᠬᠢᠭᠤᠯᠬᠤ ᠬᠡᠷᠡᠭᠲᠡᠢ᠃ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠠᠲᠣᠯᠠᠭ᠎ᠠ ᠶᠢᠨ ᠬᠠᠮᠲᠤᠷᠠᠯ ᠬᠦᠴᠦᠨ ᠢ ᠦᠷᠭᠦᠯᠵᠢᠯᠡᠨ ᠨᠢᠭᠲᠠᠷᠠᠭᠤᠯᠵᠤ᠂ ᠲᠦᠷᠦᠯ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠠᠬᠢᠭᠤᠯᠬᠤ ᠳᠤᠮᠳᠠᠬᠢ ᠡᠯ᠎ᠡ ᠵᠦᠢᠯ ᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠬᠢᠭᠤᠯᠬᠤ ᠬᠡᠷᠡᠭᠲᠡᠢ᠃ ᠬᠥᠬᠡᠬᠤᠲᠠ ᠪᠤᠭᠤᠲᠤ ᠤᠷᠳᠤᠰ ᠲᠡᠮᠡᠭᠡᠲᠦ ᠶᠢᠨ ᠠᠵᠤ ᠠᠬᠤᠢ ᠶᠢᠨ ᠬᠦᠷᠢᠶ᠎ᠡ ᠶᠢᠨ ᠪᠦᠳᠦᠬᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠠᠵᠠ ᠲᠣᠬᠢᠶᠠᠯ ᠢ ᠠᠰᠢᠭᠯᠠᠵᠤ᠂ ᠲᠤᠰᠬᠠᠢ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠰᠠᠶᠢᠲᠤᠷ ᠬᠢᠵᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠴᠢᠬᠤᠯᠠ ᠶᠡᠭᠡ ᠳᠦᠷᠦᠯ ᠵᠦᠢᠯ ᠢ ᠲᠥᠯᠥᠪᠵᠢᠭᠦᠯᠬᠦ ᠶᠢ ᠪᠠᠲᠤᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠭᠤᠯᠵᠤ ᠠᠵᠤ ᠠᠬᠤᠢ ᠶᠢ ᠳᠠᠶᠢᠴᠢᠯᠠᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号