ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠵᠧᠩ ᠰᠢᠤᠸᠠᠢ ᠯᠢᠶᠠᠩ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ | ᠬᠤᠷᠠᠯ ᠤᠨ ᠳᠠᠷᠠᠭ᠎ᠠ᠂ ᠬᠥᠬᠡᠬᠤᠲᠠ ᠴᠠᠭ ᠳᠠᠷᠤᠢ ᠳᠤᠨᠢ ︽ᠲᠡᠷᠢᠭᠦᠨ ᠤ ᠬᠢ ᠲᠠᠢ ᠬᠠᠷᠢᠴᠠᠭᠤᠯᠤᠨ ᠰᠤᠷᠲᠠᠯ ᠢᠶᠠᠨ | ᠬᠤᠪᠢᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ︾ ᠢ | ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠥᠪ ᠬᠤᠲᠠ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠡᠷᠡᠰ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ 2019 | ᠣᠨ ᠠᠴᠠ ᠨᠠᠭᠠᠰᠢ᠂ ᠬᠥᠬᠡᠬᠤᠲᠠ ᠰᠤᠷᠲᠠᠯ ᠳᠡᠭᠡᠷ᠎ᠡ ᠣᠷᠣᠰᠢᠵᠤ ᠪᠠᠶᠢᠭ᠎ᠠ ᠠᠷᠬᠠᠭ ᠭᠡᠮ ᠢ ᠴᠢᠩᠭ᠎ᠠ ᠵᠠᠰᠠᠬᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ᠂ ᠣᠯᠠᠨ ᠲᠦᠮᠡᠨ ᠠᠵᠤ ᠠᠬᠤᠶᠢᠯᠠᠯ ᠤᠨ ᠲᠤᠯᠭᠠᠮᠳᠠᠵᠤ | ᠵᠣᠪᠠᠵᠤ ᠬᠦᠴᠢᠷᠳᠡᠵᠦ ᠬᠦᠰᠡᠵᠦ ᠰᠠᠨᠠᠭᠰᠠᠨ ᠤᠴᠢᠷ ᠲᠤ ᠬᠠᠷᠢᠭᠤ ᠲᠤᠰᠬᠠᠬᠤ ᠪᠣᠳᠠᠲᠤ ᠠᠵᠢᠯᠯᠠᠭ᠎ᠠ ᠪᠣᠯᠭᠠᠨ᠂ | ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠲᠠᠰᠤᠷᠠᠯᠲᠠ ᠦᠭᠡᠢ ᠬᠦᠴᠦᠯᠡᠨ ᠠᠬᠢᠭᠤᠯᠪᠠ᠃ ᠪᠦᠬᠦ ᠣᠷᠣᠨ ᠤ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠮᠵᠢᠯᠲᠠ ᠪᠦᠲᠦᠮᠵᠢ ᠶᠢᠨ ᠰᠢᠯᠭᠠᠯᠲᠠ ᠳᠤ ᠲᠡᠷᠢᠭᠦᠯᠡᠵᠦ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠨᠡᠯᠡᠯᠲᠡ ᠳᠤ ᠤᠤᠯ ᠤᠨ 2019 ᠣᠨ ᠳᠤ ᠠᠷᠤ ᠠᠴᠠ | ᠨᠢᠭᠡᠳᠦᠭᠡᠷ ᠲᠤ ᠣᠷᠣᠵᠤ ᠪᠠᠶᠢᠭᠰᠠᠨ ᠠᠴᠠ ᠪᠠᠨ ᠳᠠᠪᠰᠢᠵᠤ 2020 ᠣᠨ ᠪᠣᠯᠬᠤ ᠳᠤ ᠡᠮᠦᠨ᠎ᠡ ᠠᠴᠠ | ᠬᠤᠶᠠᠳᠤᠭᠠᠷ ᠲᠤ ᠣᠷᠣᠪᠠ᠃ ᠲᠦᠷᠦᠭᠦᠭᠡᠨ᠂ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠡᠨᠡ | ᠲᠤᠬᠠᠢ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠢ | ᠰᠤᠷᠪᠤᠯᠵᠢᠯᠠᠪᠠ᠃ | ᠾᠧ ᠬᠠᠢ ᠳ᠋ᠦᠩ ᠦᠵᠡᠬᠦ ᠪᠠᠷ᠂ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠣᠯ | ᠰᠤᠷᠲᠠᠯ ᠢ ᠪᠠᠶᠢᠴᠠᠭᠠᠬᠤ ᠴᠢᠬᠤᠯᠠ ᠬᠡᠮᠵᠢᠭᠦᠷ ᠮᠥᠨ᠂ ᠺᠠᠳ᠋ᠷᠴᠤᠳ ᠤᠨ ᠰᠢᠯᠢᠳᠡᠭ ᠰᠤᠷᠲᠠᠯ ᠪᠣᠯ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠬᠦᠴᠦᠲᠡᠢ ᠪᠠᠲᠤᠯᠠᠭ᠎ᠠ ᠮᠥᠨ᠃ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠤᠨ ᠰᠠᠶᠢᠨ ᠮᠠᠭᠤ ᠨᠢ ᠣᠳᠣ ᠶᠢᠨ ᠪᠠᠶᠢᠭ᠎ᠠ ᠠᠵᠤ ᠠᠬᠤᠶᠢᠯᠠᠯ ᠤᠨ ᠬᠥᠭᠵᠢᠯᠲᠡ᠂ ᠣᠷᠣᠭᠤᠯᠵᠤ | ᠢᠷᠡᠬᠦ ᠠᠵᠤ ᠠᠬᠤᠶᠢᠯᠠᠯ ᠤᠨ ᠬᠢᠷᠢ ᠲᠦᠪᠰᠢᠨ᠂ ᠴᠢᠬᠤᠯᠠ ᠨᠥᠬᠦᠴᠡᠯ ᠢ ᠲᠥᠪᠯᠡᠷᠡᠭᠦᠯᠬᠦ ᠶᠠᠰᠤ ᠴᠢᠨᠠᠷ ᠢ ᠰᠢᠭᠤᠳ | ᠲᠣᠭᠲᠠᠭᠠᠨ᠎ᠠ︔ ᠺᠠᠳ᠋ᠷᠴᠤᠳ ᠤᠨ ᠰᠤᠷᠲᠠᠯ ᠤᠨ ᠰᠠᠶᠢᠨ ᠮᠠᠭᠤ ᠨᠢ ᠲᠥᠪ ᠬᠤᠲᠠ ᠶᠢᠨ ᠲᠦᠷᠢ ᠲᠦᠷᠬᠦ ᠳᠤ | ᠬᠤᠯᠪᠣᠭᠳᠠᠵᠤ᠂ ᠬᠦᠮᠦᠨ ᠠᠷᠠᠳ ᠤᠨ ᠰᠡᠳᠬᠢᠯ ᠢ ᠣᠯᠵᠤ ᠠᠯᠳᠠᠬᠤ ᠲᠠᠢ ᠬᠤᠯᠪᠣᠭᠳᠠᠵᠤ᠂ ᠠᠵᠢᠯ ᠦᠢᠯᠡᠰ ᠤᠨ | ᠪᠦᠲᠦᠵᠦ ᠢᠯᠠᠭᠳᠠᠬᠤ ᠳᠤ ᠬᠤᠯᠪᠣᠭᠳᠠᠵᠤ᠂ ᠬᠦᠴᠦᠨ ᠴᠢᠳᠠᠯ ᠢ ᠨᠢᠭᠲᠠᠷᠠᠭᠤᠯᠤᠨ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠴᠢᠬᠤᠯᠠ ᠪᠠᠲᠤᠯᠠᠭ᠎ᠠ ᠪᠣᠯᠣᠨ᠎ᠠ᠃ | ᠾᠧ ᠬᠠᠢ ᠳ᠋ᠦᠩ ᠬᠡᠯᠡᠬᠦ ᠳᠡᠭᠡᠨ᠂ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠥᠷᠭᠦᠯᠵᠢᠯᠡᠨ ᠰᠤᠷᠲᠠᠯ ᠢ ᠶᠡᠬᠡᠪᠡᠷ ᠠᠳᠬᠤᠬᠤ ᠣᠷᠴᠢᠨ ᠨᠥᠬᠦᠴᠡᠯ ᠢ ᠶᠡᠬᠡᠪᠡᠷ ᠠᠳᠬᠤᠬᠤ ᠰᠢᠢᠳᠮᠡᠭᠡᠢ | ᠣᠪᠣᠷ ᠢᠶᠠᠨ ᠢᠯᠡᠳᠬᠡᠵᠦ᠂ ︽ᠲᠡᠷᠢᠭᠦᠨ︾ ᠳᠤ ᠠᠩᠬᠠᠷᠤᠯ ᠢᠶᠠᠨ ᠬᠠᠨᠳᠤᠭᠤᠯᠵᠤ᠂ ︽ᠦᠴᠦᠬᠡᠨ ᠴᠦ | ᠠᠭᠤᠴᠢᠯᠠᠬᠤ ᠦᠭᠡᠢ︾ ᠳᠤ ᠠᠩᠬᠠᠷᠤᠯ ᠢᠶᠠᠨ ᠬᠠᠨᠳᠤᠭᠤᠯᠵᠤ᠂ ︽ᠦᠨᠡᠨ ᠴᠡᠭᠴᠡᠯᠡᠨ ᠰᠠᠶᠢᠵᠢᠷᠠᠭᠤᠯᠬᠤ︾ ᠳᠤ | ᠠᠩᠬᠠᠷᠤᠯ ᠢᠶᠠᠨ ᠬᠠᠨᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠬᠤᠲᠠ ᠶᠢᠨ ᠨᠠᠮ ᠤᠨ ᠭᠡᠰᠢᠭᠦᠨ | ᠺᠠᠳ᠋ᠷᠴᠤᠳ ᠢ ᠳᠠᠶᠢᠴᠢᠯᠠᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠪᠤᠶᠠᠨ ᠦᠢᠯᠡᠳᠬᠦ ᠡᠭᠦᠷᠭᠡᠯᠡᠯ ᠢᠶᠠᠷ | ᠬᠦᠴᠢᠷ ᠪᠡᠷᠬᠡ ᠶᠢ ᠢᠯᠠᠵᠤ᠂ ᠡᠷᠡᠯᠬᠡᠭᠯᠡᠨ ᠤᠷᠤᠭᠰᠢᠯᠠᠨ ᠲᠡᠷᠢᠭᠦᠨ ᠢ ᠵᠣᠷᠢᠭᠲᠠᠢ ᠲᠡᠮᠡᠴᠡᠬᠦ ᠣᠷᠭᠢᠯᠤᠮ᠎ᠠ | ᠰᠡᠳᠬᠢᠯᠭᠡ ᠪᠠᠷ ᠳᠠᠬᠢᠨᠲᠠ ᠪᠠᠶᠢᠯᠳᠤᠨ ᠳᠠᠬᠢᠨᠲᠠ ᠢᠯᠠᠵᠤ᠂ ᠰᠢᠨ᠎ᠡ ᠳᠦᠷᠢ ᠪᠠᠶᠢᠳᠠᠯ᠂ ᠰᠢᠨ᠎ᠡ ᠰᠤᠷᠲᠠᠯ ᠢᠶᠠᠷ ᠲᠥᠪ | ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠢᠶᠠᠨ ᠰᠠᠶᠢᠬᠠᠨ ᠡᠬᠢᠯᠡᠭᠦᠯᠵᠦ᠂ ᠰᠢᠯᠢᠳᠡᠭ ᠬᠢᠷᠢ | ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠨ᠎ᠡ ᠭᠡᠵᠡᠢ᠃ | ᠨᠢᠳᠤᠨᠤᠨ ᠠᠴᠠ ᠨᠠᠭᠠᠰᠢ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠠᠭ | ᠢᠮᠠᠭᠲᠠ ︽ᠬᠤᠶᠠᠷ ᠢ ᠬᠦᠷᠢᠶᠡᠯᠡᠬᠦ︾ ᠥᠨᠳᠦᠷᠴᠡ ᠳᠤ ᠵᠣᠭᠰᠣᠵᠤ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ᠂ ᠴᠢᠬᠤᠯᠠ ᠠᠷᠠᠳ ᠤᠨ ᠠᠮᠢᠳᠤᠷᠠᠯ ᠤᠨ | ᠢᠨᠵᠧᠨᠧᠷᠢᠩ ᠪᠣᠯᠭᠠᠨ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠵᠠᠰᠠᠭ ᠤᠨ ᠶᠠᠪᠤᠳᠠᠯ ᠤᠨ ᠣᠷᠴᠢᠨ | ᠨᠥᠬᠦᠴᠡᠯ ᠤᠨ ᠲᠠᠯ᠎ᠠ ᠪᠠᠷ᠂ ︽ᠬᠤᠷᠳᠤᠨ︾ ᠢ ᠳᠣᠪᠣᠶᠢᠯᠭᠠᠨ᠂ ︽ᠨᠢᠭᠡ ᠴᠣᠩᠬᠤ ᠪᠠᠷ ᠭᠤᠶᠤᠴᠢᠯᠠᠨ᠂ ᠨᠢᠭᠡ | ᠬᠤᠪᠢ ᠮᠠᠲ᠋ᠧᠷᠢᠶᠠᠯ ᠲᠤᠰᠢᠶᠠᠵᠤ᠂ ᠨᠢᠭᠡ ᠤᠳᠠᠭ᠎ᠠ ᠳᠤ ᠭᠦᠢᠴᠡᠳᠬᠡᠵᠦ᠂ ᠨᠢᠭᠡ ᠤᠳᠠᠭ᠎ᠠ ᠳᠤ ᠭᠠᠷᠭᠠᠨ ᠠᠪᠴᠤ᠂ | ᠨᠢᠭᠡᠯᠡ ᠤᠳᠠᠭ᠎ᠠ ᠭᠦᠶᠦᠬᠦ︾ ︽ᠲᠠᠪᠤᠨ ᠨᠢᠭᠡ︾ ᠶᠢ ᠬᠤᠯᠪᠣᠨ ᠬᠢᠨᠠᠨ ᠵᠥᠪᠰᠢᠶᠡᠷᠡᠵᠦ ᠭᠦᠢᠴᠡᠳᠬᠡᠬᠦ ᠵᠠᠭᠪᠤᠷ ᠢ | ᠬᠡᠷᠡᠭᠵᠢᠭᠦᠯᠵᠦ᠂ ᠠᠵᠤ ᠠᠬᠤᠶᠢᠯᠠᠯ ᠤᠨ ᠨᠡᠭᠡᠭᠡᠵᠦ ᠪᠠᠶᠢᠭᠤᠯᠬᠤ ᠴᠠᠭ ᠢ 0.5 ᠠᠵᠢᠯ ᠤᠨ ᠡᠳᠦᠷ ᠪᠣᠯᠲᠠᠯ᠎ᠠ | ᠪᠠᠭᠠᠰᠬᠠᠪᠠ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠢ | 73 ᠠᠵᠢᠯ ᠤᠨ ᠡᠳᠦᠷ ᠪᠣᠯᠲᠠᠯ᠎ᠠ ᠪᠠᠭᠠᠰᠬᠠᠵᠤ᠂ ᠠᠮᠠᠷ ᠳᠥᠭᠦᠮᠬᠡᠨ ᠲᠥᠷᠥᠯ ᠵᠦᠢᠯ ᠢ 12 ᠠᠵᠢᠯ ᠤᠨ ᠡᠳᠦᠷ | ᠪᠣᠯᠲᠠᠯ᠎ᠠ ᠪᠠᠭᠠᠰᠬᠠᠪᠠ᠃ ︽ᠰᠢᠯᠢᠳᠡᠭ︾ ᠢ ᠳᠣᠪᠣᠶᠢᠯᠭᠠᠨ᠂ ᠠᠵᠤ ᠠᠬᠤᠶᠢᠯᠠᠯ ᠤᠨ ︽ᠪᠦᠬᠦ ᠠᠮᠢ ᠨᠠᠰᠤᠨ ᠤ | ᠦᠶᠡᠯᠡᠯ︾ ᠳᠤ ᠠᠩᠬᠠᠷᠤᠯ ᠢᠶᠠᠨ ᠬᠠᠨᠳᠤᠭᠤᠯᠵᠤ᠂ ᠠᠷᠠᠳ ᠲᠤ ᠳᠥᠭᠦᠮ ᠠᠵᠤ ᠠᠬᠤᠶᠢᠯᠠᠯ ᠳᠤ ᠠᠰᠢᠭᠲᠠᠢ 9 | ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠪᠡ︔ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠳᠤ | 24 ᠴᠠᠭ ᠤᠨ ︽ᠠᠮᠠᠷᠠᠬᠤ ᠦᠭᠡᠢ︾ ᠥᠪᠡᠷ ᠤᠨ ᠦᠢᠯᠡᠴᠢᠯᠡᠭᠡᠨ ᠤ ᠲᠤᠰᠬᠠᠢ ᠣᠷᠣᠨ ᠪᠠᠶᠢᠭᠤᠯᠵᠤ᠂ ᠠᠵᠤ | ᠠᠬᠤᠶᠢᠯᠠᠯ ᠣᠯᠠᠨ ᠲᠦᠮᠡᠨ ᠤ ᠬᠡᠵᠢᠶ᠎ᠡ ᠴᠠᠭ ᠲᠤ ᠴᠤ ᠤᠴᠢᠷ ᠶᠠᠪᠤᠳᠠᠯ ᠢᠶᠠᠨ ᠭᠦᠢᠴᠡᠳᠬᠡᠬᠦ ᠳᠤ ᠳᠥᠭᠦᠮ | ᠥᠵᠡᠭᠦᠯᠪᠡ᠃ ︽ᠨᠡᠶᠢᠳᠬᠡᠬᠦ︾ ᠶᠢ ᠳᠣᠪᠣᠶᠢᠯᠭᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠨᠢᠭᠡ | ᠲᠠᠮᠠᠭ᠎ᠠ ᠪᠠᠷ ᠬᠢᠨᠠᠨ ᠵᠥᠪᠰᠢᠶᠡᠷᠡᠬᠦ︾ ᠶᠢ ᠠᠬᠢᠭᠤᠯᠵᠤ᠂ ︽ᠨᠢᠭᠡ ᠡᠭᠦᠳᠡ᠂ ᠨᠢᠭᠡ ᠰᠦᠯᠵᠢᠶ᠎ᠡ᠂ ᠨᠢᠭᠡ ᠤᠳᠠᠭ᠎ᠠ᠂ | ᠨᠢᠭᠡ ᠴᠣᠩᠬᠤ︾ ᠪᠠᠷ ᠬᠢᠨᠠᠨ ᠵᠥᠪᠰᠢᠶᠡᠷᠡᠬᠦ ᠶᠢ ᠬᠡᠷᠡᠭᠵᠢᠬᠦᠯᠪᠡ︔ ᠪᠦᠬᠦ ᠬᠤᠲᠠ ᠶᠢᠨ 56 ᠬᠤᠲᠠ ᠶᠢᠨ | ᠠᠷᠠᠳ ᠤᠨ ᠬᠠᠯᠠᠮᠰᠢᠯ ᠤᠲᠠᠰᠤ ᠶᠢ ᠨᠡᠶᠢᠳᠬᠡᠨ ︽12345︾ ᠨᠢᠭᠡ ᠳ᠋ᠤᠭᠠᠷ ᠢᠶᠠᠷ ᠦᠢᠯᠡᠴᠢᠯᠡᠵᠦ᠂ ︽7*24︾ | ᠴᠠᠭ ᠤᠨ ᠪᠦᠬᠦ ᠶᠠᠪᠤᠴᠠ ᠶᠢᠨ ᠦᠢᠯᠡᠴᠢᠯᠡᠭᠡ ᠶᠢ ᠪᠡᠶᠡᠯᠡᠭᠦᠯᠪᠡ᠃ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠤᠨ | ᠲᠠᠯ᠎ᠠ ᠪᠠᠷ᠂ ᠢᠲᠡᠭᠡᠮᠵᠢ ᠶᠢ ᠠᠩᠬᠠᠷᠴᠤ᠂ 2020 ᠣᠨ ᠤ ᠵᠠᠰᠠᠭ ᠤᠨ ᠣᠷᠳᠣᠨ ᠤ ᠠᠵᠤ ᠠᠬᠤᠶᠢᠯᠠᠯ ᠳᠠᠬᠢ 72. | 8 ᠳ᠋ᠦᠩᠰᠢᠭᠤᠷ ᠲᠥᠭᠦᠷᠢᠭ ᠤᠨ ᠬᠤᠭᠤᠴᠠᠭ᠎ᠠ ᠬᠤᠪᠢᠶᠠᠭᠰᠠᠨ ᠦᠭᠡᠢ ᠥᠷᠢ ᠶᠢ ᠪᠦᠬᠦ ᠲᠠᠯ᠎ᠠ ᠪᠠᠷ ᠢᠯᠭᠠᠷᠠᠭᠤᠯᠵᠤ᠂ | ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠢᠲᠡᠭᠡᠮᠵᠢ ᠶᠢᠨ ᠠᠮᠠᠯᠠᠯᠲᠠ ᠶᠢᠨ | ᠳᠦᠷᠢᠮ ᠪᠠᠶᠢᠭᠤᠯᠬᠤ ᠶᠢ ᠲᠦᠯᠬᠢᠨ ᠠᠬᠢᠭᠤᠯᠪᠠ᠃ ᠬᠢᠨᠠᠯᠲᠠ ᠬᠠᠮᠢᠶᠠᠷᠤᠯᠲᠠ ᠶᠢ ᠠᠩᠬᠠᠷᠴᠤ᠂ ︽ᠬᠤᠶᠠᠷ ᠢ | ᠰᠤᠭᠤᠴᠢᠵᠤ ᠨᠢᠭᠡ ᠶᠢ ᠢᠯᠡ ᠪᠤᠯᠭᠠᠬᠤ︾ ᠪᠠᠷ ᠦᠨᠳᠦᠰᠦᠨ ᠠᠷᠭ᠎ᠠ ᠮᠠᠶ᠋ᠢᠭ ᠪᠣᠯᠭᠠᠭᠰᠠᠨ ᠰᠢᠨ᠎ᠡ ᠬᠡᠯᠪᠡᠷᠢ ᠶᠢᠨ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠬᠠᠤᠯᠢ ᠪᠠᠷ ᠵᠠᠰᠠᠬᠤ ᠣᠷᠴᠢᠨ ᠨᠥᠬᠦᠴᠡᠯ ᠤᠨ | ᠲᠠᠯ᠎ᠠ ᠪᠠᠷ᠃ ᠪᠦᠬᠦ ᠬᠤᠲᠠ ᠶᠢᠨ 39 ᠬᠤᠲᠠ ᠶᠢᠨ ᠲᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ | ᠴᠣᠭᠴᠠ ᠪᠦᠬᠦᠨ ᠢᠶᠠᠷ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠷᠯᠠᠯ᠂ ᠬᠠᠤᠯᠢ ᠬᠡᠷᠡᠭᠵᠢᠭᠦᠯᠬᠦ ᠪᠦᠬᠦ | ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠰᠢᠢᠳᠪᠦᠷᠢ ᠳᠤ ᠬᠠᠤᠯᠢ ᠪᠠᠷ ᠵᠠᠰᠠᠬᠤ ᠬᠢᠨᠠᠯᠲᠠ | ᠬᠠᠷᠭᠤᠭᠤᠯᠤᠯᠲᠠ ᠬᠢᠬᠦ ᠵᠡᠷᠭᠡ ᠲᠣᠭᠲᠠᠴᠠ ᠶᠢ ᠬᠡᠷᠡᠭᠵᠢᠭᠦᠯᠪᠡ᠃ ᠤᠯᠤᠰ ᠲᠥᠷᠥ ᠬᠠᠤᠯᠢ ᠴᠠᠭᠠᠵᠠ ᠶᠢᠨ | ᠬᠦᠷᠢᠶᠡᠨ ᠤ ︽ᠬᠤᠣᠷ ᠤᠨ ᠨᠥᠯᠥᠭᠡ ᠶᠢ ᠠᠷᠢᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠯᠤᠰ | ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ ᠠᠩᠭᠢ ᠶᠢ ᠪᠠᠶᠢᠭᠤᠯᠬᠤ︾ ᠲᠤᠰᠬᠠᠢ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ 2020 ᠣᠨ ᠳᠤ ᠨᠡᠶᠢᠲᠡ 244 ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ | ᠠᠷᠠᠳ ᠤᠨ ᠴᠠᠭᠳᠠᠭ᠎ᠠ ᠶᠢ ᠪᠠᠶᠢᠴᠠᠭᠠᠨ ᠰᠢᠢᠳᠪᠦᠷᠢᠯᠡᠪᠡ᠃ ᠺᠠᠳ᠋ᠷᠴᠤᠳ ᠤᠨ ᠰᠤᠷᠲᠠᠯ ᠤᠨ ᠲᠠᠯ᠎ᠠ ᠪᠠᠷ᠃ ︽ | ᠰᠢᠯᠢᠳᠡᠭ ᠢ ᠬᠥᠬᠢᠭᠦᠯᠦᠨ ᠮᠠᠭᠤ ᠶᠢ ᠵᠠᠯᠬᠠᠭᠠᠬᠤ︾ ᠢᠯᠡ ᠲᠣᠳᠣᠷᠬᠠᠢ ᠤᠳᠤᠷᠢᠳᠤᠮᠵᠢ ᠶᠢ ᠪᠤᠢ ᠪᠣᠯᠭᠠᠵᠤ᠂ ᠨᠢᠭᠡ | ᠲᠠᠯ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤᠮᠳᠠ ᠳᠣᠪᠣᠶᠢᠮ᠎ᠠ ᠢᠯᠡᠷᠡᠯ ᠲᠠᠢ ᠶᠢ ᠬᠥᠬᠢᠭᠦᠯᠦᠨ | ᠱᠠᠩᠨᠠᠪᠠ᠃ ᠨᠥᠭᠦᠭᠡ ᠲᠠᠯ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠢ ︽ | ᠥᠴᠥᠬᠡᠨ ᠴᠦ ᠠᠭᠤᠴᠢᠯᠠᠬᠤ ᠦᠭᠡᠢ︾᠂ 2020 ᠣᠨ ᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ︽ᠪᠠᠭ᠎ᠠ ᠨᠣᠶᠠᠨ ᠡᠷᠬᠡ ᠪᠠᠨ ᠠᠰᠢᠭᠯᠠᠬᠤ︾ ︽ᠰᠠᠯᠠᠭᠠᠨ ᠳᠠᠷᠤᠭ᠎ᠠ ᠶᠢᠨ | ᠳᠠᠷᠤᠩᠭᠤᠶᠢᠯᠠᠬᠤ ᠵᠠᠰᠠᠭ︾ ᠵᠡᠷᠭᠡ ᠠᠰᠠᠭᠤᠳᠠᠯ ᠤᠨ 43 ᠰᠦᠪᠡᠭᠴᠢ ᠢ ᠭᠤᠣᠯᠳᠠᠯᠭ᠎ᠠ ᠲᠠᠢ ᠪᠠᠶᠢᠴᠠᠭᠠᠨ | ᠰᠢᠢᠳᠪᠦᠷᠢᠯᠡᠵᠦ᠂ 8 ᠶᠢ ᠬᠡᠷᠡᠭ ᠪᠣᠯᠭᠠᠨ ᠳᠠᠩᠰᠠᠯᠠᠵᠤ᠂ 26 ᠬᠥᠮᠥᠨ ᠢ ᠪᠠᠶᠢᠴᠠᠭᠠᠨ ᠰᠢᠢᠳᠪᠦᠷᠢᠯᠡᠪᠡ᠃ ᠭᠤᠣᠯ | ᠬᠠᠷᠢᠭᠤᠴᠠᠯᠭᠠᠲᠠᠨ ᠤ ︽ᠰᠢᠭᠤᠳ ᠲᠡᠷᠭᠡ︾᠂ ᠦᠢᠯᠡᠴᠢᠯᠡᠭᠡᠨ ᠤ ᠨᠢᠭᠡᠴᠡ ᠶᠢᠨ ︽ᠲᠣᠪᠴᠢᠶᠠᠨ ᠳᠠᠷᠤᠭ᠎ᠠ ᠶᠡᠭᠡ | ᠲᠢᠩᠬᠢᠮ ᠳᠤ ᠣᠷᠣᠵᠤ︾ ᠵᠢᠵᠢᠭᠦᠷ ᠳᠠᠭᠠᠭᠤᠯᠬᠤ ᠵᠡᠷᠭᠡ ᠲᠣᠭᠲᠠᠴᠠ ᠶᠢ ᠪᠠᠶᠢᠭᠤᠯᠵᠤ᠂ ᠺᠠᠳ᠋ᠷ ᠣᠯᠠᠨ ᠲᠦᠮᠡᠨ ᠤ | ᠬᠠᠷᠢᠴᠠᠭ᠎ᠠ ᠶᠢ ᠨᠢᠭᠲᠠᠷᠠᠭᠤᠯᠤᠨ᠂ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠪᠡ ᠃ | ᠾᠧ ᠬᠠᠢ ᠳ᠋ᠦᠩ ᠬᠡᠯᠡᠭᠰᠡᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ | ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠤᠬᠠᠢ ᠲᠥᠪ ᠤᠨ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠴᠢᠩᠭ᠎ᠠ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠥᠪ ᠬᠤᠲᠠ ᠶᠠᠭᠤᠨ ᠤ ᠡᠮᠦᠨ᠎ᠡ | ᠲᠦᠷᠦᠭᠦᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠳᠥᠷᠪᠡᠨ ︽ᠲᠦᠷᠦᠭᠦᠯᠡᠬᠦ︾ ᠳᠡᠭᠡᠷ᠎ᠡ ᠭᠤᠣᠯᠳᠠᠯᠭ᠎ᠠ ᠲᠠᠢ | ᠲᠠᠰᠤᠷᠠᠯᠲᠠ ᠦᠭᠡᠢ ᠬᠦᠴᠦᠯᠡᠨ᠎ᠡ᠃ | ᠨᠢᠭᠡ ᠳᠤ ᠵᠠᠰᠠᠭ ᠤᠨ ᠶᠠᠪᠤᠳᠠᠯ ᠤᠨ ᠣᠷᠴᠢᠨ ᠨᠦᠬᠦᠴᠡᠯ ᠢ ︽ᠲᠦᠷᠦᠭᠦᠯᠡᠭᠦᠯᠦᠨᠡ︾᠃ ︽ᠦᠢᠯᠡᠴᠢᠯᠡᠭᠡ︾ | ︽ᠠᠰᠢᠭᠯᠠᠮᠵᠢ︾ ︽ᠬᠠᠯᠠᠮᠵᠢᠯᠠᠯ︾ 3 ᠵᠠᠩᠭᠢᠯᠠᠭ᠎ᠠ ᠶᠢᠨ ᠦᠭᠡ ᠶᠢ ᠳᠣᠪᠣᠶᠢᠯᠭᠠᠨ ᠠᠵᠢᠯ ᠢᠶᠠᠨ ᠠᠬᠢᠭᠤᠯᠤᠨ᠎ᠠ᠃ | ᠦᠢᠯᠡᠴᠢᠯᠡᠭᠡ᠂ ᠳᠠᠷᠤᠢ ︽ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠤ | ᠠᠬᠤᠶᠢᠯᠠᠯ ᠤᠨ ᠦᠨᠡᠯᠡᠯᠲᠡ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠷ | ᠪᠠᠷᠢᠮᠵᠢᠶ᠎ᠠ ᠪᠣᠯᠭᠠᠨ᠂ ᠶᠠᠷᠰᠢᠭ ᠲᠦᠪᠡᠭ ᠶᠠᠳᠠᠷᠠᠯ ᠵᠦᠳᠡᠷᠡᠯ ᠢ ᠥᠪᠡᠷᠲᠡᠭᠡᠨ ᠠᠮᠰᠠᠭᠰᠠᠨ ᠴᠦ ᠵᠠᠬ᠎ᠠ ᠳᠡᠯᠭᠡᠭᠦᠷ ᠤᠨ | ᠪᠡᠶᠡᠴᠢ ᠴᠣᠭᠴᠠ ᠪᠠ ᠣᠯᠠᠨ ᠲᠦᠮᠡᠨ ᠳᠤ ᠳᠥᠭᠦᠮ ᠲᠥᠳᠡ ᠶᠢ ᠣᠯᠭᠤᠨ᠎ᠠ᠃ ᠠᠰᠢᠭᠯᠠᠮᠵᠢ᠂ ᠳᠠᠷᠤᠢ ᠲᠤᠭ᠎ᠠ | ᠪᠠᠷᠢᠮᠲᠠ ᠶᠢ ᠢᠯᠡᠭᠦᠦ ᠭᠦᠶᠦᠯᠭᠡᠵᠦ᠂ ᠺᠠᠳ᠋ᠷ ᠢᠯᠡᠭᠦᠦ ᠶᠠᠪᠤᠵᠤ᠂ ᠣᠯᠠᠨ ᠲᠦᠮᠡᠨ ᠢ ᠭᠦᠶᠦᠯᠭᠡᠬᠦ ᠦᠭᠡᠢ᠂ ᠰᠠᠯᠠᠭ᠎ᠠ | ᠮᠥᠴᠢᠷ ᠠᠯᠤᠰᠯᠠᠭᠰᠠᠨ᠂ ᠱᠠᠲᠤ ᠲᠡᠰ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠲᠤᠬᠠᠶᠢᠯᠠᠭᠰᠠᠨ ᠠᠵᠢᠯ ᠤᠨ | ᠴᠣᠪᠣᠷᠠᠯ ᠢ ᠲᠠᠬᠢᠨᠲᠠ ᠪᠠᠶᠢᠭᠤᠯᠤᠨ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠵᠦ᠂ ᠨᠢᠭᠡ ᠴᠣᠩᠬᠤ ᠪᠠᠷ | ᠪᠦᠬᠦᠨ ᠢ ᠭᠦᠢᠴᠡᠳᠬᠡᠵᠦ᠂ ᠨᠢᠭᠡ ᠤᠴᠢᠷ ᠢ ᠬᠤᠯᠪᠣᠭᠠᠯᠠᠨ ᠭᠦᠢᠴᠡᠳᠬᠡᠵᠦ︾᠂ ᠺᠠᠳ᠋ᠷᠴᠤᠳ ᠤᠨ ︽ᠰᠢᠷᠭᠠᠭᠤ | ᠬᠥᠳᠡᠯᠮᠦᠷᠢ ᠶᠢᠨ ᠢᠯᠡᠳᠬᠡᠮᠵᠢ ᠲᠤᠭ᠎ᠠ︾ ᠪᠠᠷ ᠠᠵᠤ ᠠᠬᠤᠶᠢᠯᠠᠯ ᠤᠨ ︽ᠬᠥᠭᠵᠢᠯᠲᠡ ᠶᠢᠨ ᠢᠯᠡᠳᠬᠡᠮᠵᠢ ᠲᠤᠭ᠎ᠠ︾ | ᠂ ᠣᠯᠠᠨ ᠲᠦᠮᠡᠨ ᠤ ︽ᠵᠣᠯ ᠵᠢᠷᠭᠠᠯ ᠤᠨ ᠢᠯᠡᠳᠬᠡᠮᠵᠢ ᠲᠤᠭ᠎ᠠ︾ ᠶᠢ ᠰᠣᠯᠢᠨ᠎ᠠ᠃ ᠬᠠᠯᠠᠮᠵᠢᠯᠠᠯ᠂ ᠳᠠᠷᠤᠢ ᠴᠠᠭ | ᠢᠮᠠᠭᠲᠠ ᠠᠵᠤ ᠠᠬᠤᠶᠢᠯᠠᠯ ᠤᠨ ᠲᠠᠯ᠎ᠠ ᠳᠤ ᠵᠣᠭᠰᠣᠵᠤ᠂ ᠬᠦᠴᠢᠷ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ | ᠂ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠪᠡᠯᠡ ᠲᠣᠬᠢᠷᠠᠭᠤᠯᠭ᠎ᠠ ᠶᠢᠨ ᠢᠲᠡᠭᠡᠮᠵᠢ ᠣᠯᠭᠤᠬᠤ ᠦᠢᠯᠡᠴᠢᠯᠡᠭᠡᠨ | ᠳᠤ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ︔ ᠤᠰᠤ᠂ ᠴᠠᠬᠢᠯᠭᠠᠨ᠂ ᠲᠣᠣᠷ᠂ ᠬᠡᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠡᠷᠴᠢᠮ ᠢ ᠦᠨᠡᠨ ᠬᠦ ᠴᠢᠩᠭᠠᠳᠬᠠᠵᠤ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ | ᠦᠷᠳᠡᠭ ᠢ ᠪᠠᠭᠤᠷᠠᠭᠤᠯᠤᠨ᠎ᠠ︔ ᠣᠷᠣᠨ ᠤ ᠲᠥᠪ ᠤᠨ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠲᠤ | ᠲᠦᠰᠢᠭᠯᠡᠨ᠂ ᠴᠢᠳᠠᠪᠤᠷᠢᠲᠠᠨ ᠤ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠬᠥᠮᠦᠨ | ᠬᠡᠷᠡᠭᠯᠡᠬᠦᠳᠤ ᠵᠠᠭᠤᠴᠢ ᠪᠣᠯᠤᠨ᠎ᠠ᠃ | ᠬᠤᠶᠠᠷ ᠲᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ︽ᠲᠦᠷᠦᠭᠦᠯᠡᠭᠦᠯᠦᠨᠡ︾᠃ ︽ᠢᠲᠡᠭᠡᠯ ᠲᠠᠢ︾ | ︽ᠵᠠᠬ᠎ᠠ ᠬᠢᠵᠠᠭᠠᠷ ᠲᠠᠢ︾ ︽ᠬᠢᠨᠠᠯᠲᠠ ᠬᠠᠮᠢᠶᠠᠷᠤᠯᠲᠠ ᠲᠠᠢ︾ 3 ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃ | ᠢᠲᠡᠭᠡᠯ ᠲᠠᠢ᠂ ᠳᠠᠷᠤᠢ ᠦᠭᠡᠨ ᠳᠡᠭᠡᠨ ᠡᠵᠡᠨ ᠰᠠᠭᠤᠳᠠᠭ ᠵᠠᠰᠠᠭ ᠤᠨ ᠣᠷᠳᠣᠨ ᠢ ᠪᠠᠶᠢᠭᠤᠯᠤᠨ᠎ᠠ᠃ ᠬᠤᠭᠤᠰᠤᠨ | ᠦᠭᠡ ᠬᠡᠯᠡᠬᠦ ᠦᠭᠡᠢ᠂ ᠥᠴᠥᠬᠡᠨ ᠴᠦ ᠬᠠᠰᠤᠬᠤ ᠦᠭᠡᠢ᠂ ᠵᠠᠰᠠᠭ ᠤᠨ ᠣᠷᠳᠣᠨ ᠤ ᠪᠡᠶᠡᠯᠡᠭᠦᠯᠦᠭᠡ ᠦᠭᠡᠢ | ᠠᠮᠠᠯᠠᠯᠲᠠ ᠶᠢ ᠪᠦᠬᠦ ᠲᠠᠯ᠎ᠠ ᠪᠠᠷ ᠰᠢᠭᠰᠢᠨ ᠪᠠᠶᠢᠴᠠᠭᠠᠵᠤ᠂ ᠵᠦᠢ ᠵᠣᠬᠢᠰᠲᠠᠢ ᠬᠠᠤᠯᠢ ᠶᠣᠰᠣᠨ ᠳᠤ ᠨᠡᠶᠢᠴᠡᠬᠦ ᠶᠢ ︽ | ᠤᠷᠢᠳᠠᠪᠠᠷ ᠪᠤᠷᠤᠭᠤ ᠬᠦᠯᠢᠶᠡᠨ᠂ ᠳᠠᠷᠠᠭ᠎ᠠ ᠨᠢ ᠪᠣᠳᠠᠲᠠᠶᠢᠵᠢᠭᠤᠯᠵᠤ︾᠂ ᠪᠣᠳᠠᠲᠠᠢ ᠲᠥᠷᠥ ᠶᠢᠨ ᠪᠣᠳᠣᠯᠭ᠎ᠠ ᠶᠢᠨ | ᠲᠣᠭᠲᠠᠭᠠᠯ ᠳᠤ ᠨᠡᠶᠢᠴᠡᠬᠦ ᠦᠭᠡᠢ ᠶᠢ ᠰᠠᠶᠢᠬᠠᠨ ᠲᠠᠶᠢᠯᠪᠤᠷᠢᠯᠠᠵᠤ᠂ ᠵᠠᠰᠠᠭ ᠤᠨ ᠣᠷᠳᠣᠨ ᠤ ᠢᠲᠡᠭᠡᠮᠵᠢ ᠪᠠᠷ ᠠᠵᠤ | ᠠᠬᠤᠶᠢᠯᠠᠯ ᠤᠨ ᠢᠲᠡᠭᠡᠯ ᠢ ᠰᠣᠯᠢᠨ᠎ᠠ᠃ ᠵᠠᠬ᠎ᠠ ᠬᠢᠵᠠᠭᠠᠷ ᠲᠠᠢ᠂ ᠳᠠᠷᠤᠢ ︽ᠬᠠᠤᠯᠢ ᠳᠤ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠵᠠᠪᠠᠯ ᠭᠦᠢᠴᠡᠳᠬᠡᠵᠦ᠂ ᠬᠠᠤᠯᠢ ᠪᠠᠷ ᠡᠷᠬᠡ ᠣᠯᠭᠤᠭᠰᠠᠨ ᠦᠭᠡᠢ ᠶᠢ ᠬᠢᠬᠦ ᠦᠭᠡᠢ︾ ᠵᠠᠬ᠎ᠠ | ᠬᠢᠵᠠᠭᠠᠷ ᠢ ᠰᠠᠶᠢᠨ ᠰᠠᠬᠢᠨ᠎ᠠ᠃ ᠬᠠᠤᠯᠢ ᠪᠠᠷ ᠵᠠᠰᠠᠬᠤ ᠤᠬᠠᠮᠰᠠᠷ᠂ ᠵᠠᠬ᠎ᠠ ᠬᠢᠵᠠᠭᠠᠷ ᠤᠨ ᠤᠬᠠᠮᠰᠠᠷ ᠢᠶᠠᠨ | ᠴᠢᠩᠭᠠᠳᠬᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ | ᠵᠠᠬ᠎ᠠ ᠳᠡᠯᠭᠡᠭᠦᠷ ᠲᠤ ᠲᠤᠰᠢᠶᠠᠵᠤ ᠪᠣᠯᠬᠤ ᠶᠢ ᠪᠦᠬᠦᠨ ᠢ ᠵᠠᠬ᠎ᠠ ᠳᠡᠯᠭᠡᠭᠦᠷ ᠲᠤ ᠲᠤᠰᠢᠶᠠᠨ ᠥᠭᠭᠦᠨ᠎ᠡ᠃ ᠵᠠᠰᠠᠭ ᠤᠨ | ᠣᠷᠳᠣᠨ ᠠᠴᠠ ᠪᠡᠯᠡ ᠣᠷᠣᠭᠤᠯᠤᠭᠰᠠᠨ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ | ᠢᠨᠵᠧᠨᠧᠷᠢᠩ ᠳᠤ᠂ ᠵᠠᠪᠠᠯ ︽ᠤᠷᠢᠳᠠᠪᠠᠷ ᠵᠠᠷᠯᠠᠵᠤ᠂ ᠳᠠᠷᠠᠭ᠎ᠠ ᠨᠢ ᠭᠡᠷ᠎ᠡ ᠪᠠᠨ ᠭᠦᠢᠴᠡᠳᠬᠡᠵᠦ︾᠂ ᠭᠡᠷᠡᠴᠢᠯᠡᠭᠡ | ᠰᠣᠨᠣᠰᠬᠤ ᠬᠤᠷᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠶᠢᠨ ᠤᠴᠢᠷ ᠢ ᠦᠨᠡᠨᠬᠦ ᠰᠠᠶᠢᠬᠠᠨ ᠬᠢᠨ᠎ᠡ᠃ | ᠬᠢᠨᠠᠯᠲᠠ ᠬᠠᠮᠢᠶᠠᠷᠤᠯᠲᠠ ᠲᠠᠢ᠂ ᠳᠠᠷᠤᠢ ︽ᠤᠴᠢᠷ ᠦᠭᠡᠢ ᠪᠣᠯ ᠦᠢᠮᠡᠭᠦᠯᠬᠦ ᠦᠭᠡᠢ︾ ᠬᠥᠭᠵᠢᠯᠲᠡ ᠶᠢᠨ ᠣᠷᠴᠢᠨ | ᠨᠥᠬᠦᠴᠡᠯ ᠢ ᠪᠣᠢ ᠪᠣᠯᠭᠠᠨ᠎ᠠ᠃ ︽ᠬᠤᠶᠠᠷ ᠢ ᠰᠣᠭᠤᠴᠢᠨ ᠨᠢᠭᠡ ᠶᠢ ᠢᠯᠡ ᠪᠣᠯᠭᠠᠬᠤ︾᠂ ᠶᠡᠭᠡ ᠥᠭᠭᠦᠭᠳᠡᠯ ᠵᠡᠷᠭᠡ | ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠴᠢᠷ | ᠶᠠᠪᠤᠳᠠᠯ ᠤᠨ ᠡᠮᠦᠨ᠎ᠡ ᠢᠲᠡᠭᠡᠮᠵᠢ ᠶᠢᠨ ᠠᠮᠠᠯᠠᠯᠲᠠ ᠬᠢᠬᠦ᠂ ᠤᠴᠢᠷ ᠶᠠᠪᠤᠳᠠᠯ ᠤᠨ ᠳᠤᠮᠳᠠ ᠲᠥᠷᠥᠯ ᠬᠤᠪᠢᠶᠠᠨ ᠬᠢᠨᠠᠨ | ᠬᠠᠮᠢᠶᠠᠷᠬᠤ᠂ ᠤᠴᠢᠷ ᠶᠠᠪᠤᠳᠠᠯ ᠤᠨ ᠳᠠᠷᠠᠭ᠎ᠠ ᠢᠲᠡᠭᠡᠮᠵᠢ ᠶᠢᠨ ᠬᠥᠬᠢᠭᠦᠯᠦᠯ ᠵᠠᠯᠬᠠᠭᠠᠯ ᠬᠢᠬᠦ ᠵᠡᠷᠭᠡ ᠲᠣᠭᠲᠠᠴᠠ ᠪᠠᠷ | ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠢ ᠳᠤᠲᠠᠭᠤ | ᠦᠢᠮᠡᠭᠦᠯᠦᠨᠡ᠃ | ᠭᠤᠷᠪᠠ ᠳᠤ᠂ ᠬᠠᠤᠯᠢ ᠪᠠᠷ ᠵᠠᠰᠠᠬᠤ ᠣᠷᠴᠢᠨ ᠨᠥᠬᠦᠴᠡᠯ ᠢ ︽ᠲᠦᠷᠦᠭᠦᠯᠡᠭᠦᠯᠦᠨᠡ︾᠃ ᠬᠠᠤᠯᠢ | ᠴᠠᠭᠠᠵᠠ ᠳᠦᠷᠢᠮ ᠲᠣᠭᠲᠠᠭᠠᠯ ᠤᠨ ᠵᠠᠷᠴᠢᠮ ᠢ ᠪᠠᠷᠢᠮᠲᠠᠯᠠᠵᠤ᠂ ︽ᠬᠤᠲᠠ ᠶᠢᠨ ᠳᠠᠷᠤᠭ᠎ᠠ ᠶᠢ ᠡᠷᠢᠬᠦ︾ ᠠᠴᠠ ︽ | ᠵᠠᠬ᠎ᠠ ᠳᠡᠯᠭᠡᠭᠦᠷ ᠢ ᠡᠷᠢᠬᠦ︾ ᠵᠦᠭ ᠲᠤ ᠬᠤᠪᠢᠷᠠᠭᠤᠯᠵᠤ᠂ ︽ᠠᠷᠭ᠎ᠠ ᠵᠠᠮ ᠡᠷᠢᠬᠦ︾ ᠠᠴᠠ ︽ᠲᠥᠷᠥ ᠶᠢᠨ | ᠪᠣᠳᠣᠯᠭ᠎ᠠ ᠡᠷᠢᠬᠦ︾ ᠵᠦᠭ ᠲᠤ ᠬᠤᠪᠢᠷᠠᠭᠤᠯᠵᠤ᠂ ︽ᠲᠦᠰᠢᠭ ᠲᠤᠯᠭᠠᠭᠤᠷᠢ ᠡᠷᠢᠬᠦ︾ ᠠᠴᠠ ︽ᠬᠠᠤᠯᠢ ᠪᠠᠷ | ᠵᠠᠰᠠᠬᠤ ᠶᠢ ᠡᠷᠢᠬᠦ︾ ᠵᠦᠭ ᠲᠤ ᠬᠤᠪᠢᠷᠠᠭᠤᠯᠵᠤ᠂ ︽ᠬᠠᠤᠯᠢ ᠶᠣᠰᠣᠭᠠᠷ ᠬᠠᠮᠠᠭᠠᠯᠠᠬᠤ︾ ᠪᠠ ︽ᠬᠠᠤᠯᠢ ᠶᠣᠰᠣᠭᠠᠷ | ᠴᠣᠬᠢᠯᠲᠠ ᠥᠭᠬᠦ︾ 2 ᠵᠦᠢᠯ ᠤᠨ ᠠᠵᠢᠯ ᠢ ᠦᠨᠡᠨᠬᠦ ᠰᠠᠶᠢᠨ ᠠᠳᠬᠤᠨ᠎ᠠ᠃ ᠬᠠᠤᠯᠢ ᠶᠣᠰᠣᠭᠠᠷ ᠬᠠᠮᠠᠭᠠᠯᠠᠬᠤ᠂ | ᠨᠢᠭᠡ ᠲᠠᠯ᠎ᠠ ᠪᠠᠷ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠨ᠎ᠠ᠂ ᠠᠵᠤ ᠠᠬᠤᠶᠢᠯᠠᠯ ᠤᠨ ᠪᠡᠯᠡ ᠣᠷᠣᠭᠤᠯᠬᠤ ᠪᠠ | ᠬᠥᠭᠵᠢᠯᠲᠡ ᠶᠢᠨ ᠠᠶᠤᠯᠭᠦᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ | ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ | ᠬᠠᠮᠠᠭᠠᠯᠠᠨ᠎ᠠ︔ ᠨᠥᠭᠦᠭᠡ ᠲᠠᠯ᠎ᠠ ᠪᠠᠷ᠂ ᠥᠮᠴᠢ ᠶᠢᠨ ᠡᠷᠬᠡ ᠶᠢ ᠬᠠᠮᠠᠭᠠᠯᠠᠬᠤ ᠶᠢ ᠴᠢᠩᠭᠠᠳᠬᠠᠵᠤ᠂ ᠪᠠᠶᠢᠭᠤᠯᠤᠯ | ᠲᠣᠭᠲᠠᠴᠠ ᠪᠠᠷ ᠳᠠᠮᠵᠢᠭᠤᠯᠤᠨ ᠥᠮᠴᠢ ᠶᠢᠨ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠳᠬᠠᠵᠤ᠂ | ᠥᠮᠴᠢᠯᠡᠯ ᠤᠨ ᠡᠷᠬᠡ ᠶᠢᠨ ᠬᠠᠮᠢᠶᠠᠷᠤᠯᠲᠠ ᠦᠢᠯᠡᠴᠢᠯᠡᠭᠡ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ | ᠬᠠᠤᠯᠢ ᠶᠣᠰᠣᠭᠠᠷ ᠴᠣᠬᠢᠯᠲᠠ ᠥᠭᠬᠦ᠂ ᠨᠢᠭᠡ ᠲᠠᠯ᠎ᠠ ᠪᠠᠷ᠂ ᠴᠣᠬᠢᠯᠲᠠ ᠥᠭᠬᠦ ᠲᠥᠪ ᠴᠢᠩᠭ᠎ᠠ ᠴᠢᠨᠠᠷ ᠢ | ᠳᠣᠪᠣᠶᠢᠯᠭᠠᠨ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ᠂ ᠠᠯᠪᠠᠳᠠᠨ ᠬᠤᠳᠠᠯᠳᠤᠭᠠᠯᠠᠬᠤ᠂ | ᠮᠡᠬᠡᠯᠡᠯ ᠳᠠᠮᠵᠢᠨ ᠪᠤᠷᠤᠯᠠᠭᠤᠯᠭ᠎ᠠ᠂ ᠭᠠᠭᠴᠠᠭᠠᠷ ᠡᠵᠡᠮᠰᠢᠨ ᠡᠵᠡᠩᠨᠡᠬᠦ ᠵᠢᠴᠢ ᠠᠵᠤ ᠠᠬᠤᠶᠢᠯᠠᠯ ᠳᠤ ᠬᠤᠯᠪᠣᠭᠳᠠᠭᠰᠠᠨ | ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠨᠥᠭᠦᠭᠡ | ᠲᠠᠯ᠎ᠠ ᠪᠠᠷ᠂ ᠬᠠᠤᠯᠢ ᠬᠡᠷᠡᠭᠵᠢᠭᠦᠯᠬᠦ ᠳᠤ ᠨᠢᠩᠵᠢᠨ ᠰᠡᠳᠬᠢᠯ ᠢ ᠳᠣᠪᠣᠶᠢᠯᠭᠠᠨ᠂ ᠬᠠᠤᠯᠢ ᠶᠢ ᠬᠠᠲᠠᠭᠤ | ᠬᠡᠷᠡᠭᠵᠢᠭᠦᠯᠬᠦ ᠳᠡᠭᠡᠨ ᠬᠡᠯᠡᠵᠦ ᠬᠥᠮᠥᠵᠢᠭᠦᠯᠬᠦ᠂ ᠢᠳᠬᠠᠵᠤ ᠵᠢᠱᠢᠶᠡᠯᠡᠬᠦ ᠵᠡᠷᠭᠡ ᠠᠯᠪᠠᠳᠠᠯᠭ᠎ᠠ ᠶᠢᠨ ᠪᠤᠰᠤ ᠠᠷᠭ᠎ᠠ | ᠬᠡᠮᠵᠢᠶ᠎ᠡ ᠶᠢ ᠲᠡᠯᠭᠡᠷᠡᠭᠦᠯᠦᠨ ᠬᠡᠷᠡᠭᠵᠢᠭᠦᠯᠵᠦ᠂ ᠬᠠᠤᠯᠢ ᠶᠣᠰᠣᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ | ᠬᠢᠴᠢᠶᠡᠩᠭᠦᠢ ᠬᠡᠷᠡᠭᠯᠡᠵᠦ᠂ ᠬᠠᠳᠠᠨ ᠴᠢᠨᠠᠷ ᠲᠠᠢ ᠬᠠᠤᠯᠢ ᠬᠡᠷᠡᠭᠵᠢᠭᠦᠯᠬᠦ ᠪᠣᠯᠣᠨ ᠤᠶᠠᠨ ᠴᠢᠨᠠᠷ ᠲᠠᠢ ᠬᠠᠤᠯᠢ | ᠬᠡᠷᠡᠭᠵᠢᠭᠦᠯᠬᠦ ᠶᠢ ᠤᠷᠭᠠᠨᠢᠭ ᠢᠶᠠᠷ ᠨᠢᠭᠡᠳᠦᠭᠦᠯᠦᠨ᠂ ᠬᠠᠤᠯᠢ ᠪᠠᠷᠢᠬᠤ ᠪᠠᠷᠢᠮᠵᠢᠶ᠎ᠠ ᠪᠠ ᠬᠠᠤᠯᠢ ᠬᠡᠷᠡᠭᠵᠢᠭᠦᠯᠬᠦ | ᠳᠤᠯᠠᠭᠠᠨ ᠢ ᠬᠠᠷᠠᠭᠤᠯᠤᠨ᠎ᠠ᠃ | ᠳᠥᠷᠪᠡ ᠳᠤ᠂ ᠺᠠᠳ᠋ᠷᠴᠤᠳ ᠤᠨ ᠰᠤᠷᠲᠠᠯ ᠢ ︽ᠲᠦᠷᠦᠭᠦᠯᠡᠭᠦᠯᠦᠨᠡ︾᠃ ᠬᠠᠮᠤᠭ ᠤᠨ ᠰᠠᠶᠢᠨ ᠤ | ᠪᠠᠷᠢᠮᠵᠢᠶ᠎ᠠ ᠶᠢ ᠪᠠᠷᠢᠮᠲᠠᠯᠠᠵᠤ᠂ ︽ᠥᠪᠡᠷ ᠠᠴᠠ ᠪᠠᠨ ᠡᠬᠢᠯᠡᠨ ᠤᠯᠤᠰ ᠲᠥᠷᠥ ᠶᠢ ᠡᠷᠬᠢᠮᠯᠡᠬᠦ᠂ ᠬᠠᠮᠢᠭ᠎ᠠ ᠴᠦ ᠭᠡᠰᠡᠨ | ᠲᠡᠷᠢᠭᠦᠨ ᠢ ᠲᠡᠮᠡᠴᠡᠬᠦ᠂ ᠬᠥᠮᠥᠨ ᠪᠦᠬᠦᠨ ︿ᠨᠡᠷ᠎ᠡ ᠶᠢᠨ ᠬᠠᠭᠤᠳᠠᠰᠤ﹀ ᠶᠢ ᠴᠢᠮᠡᠬᠦ︾ 3 ᠲᠠᠯ᠎ᠠ ᠪᠠᠷ᠂ ᠲᠥᠪ | ᠬᠤᠲᠠ ᠶᠢᠨ ᠺᠠᠳ᠋ᠷᠴᠤᠳ ᠤᠨ ᠰᠤᠷᠲᠠᠯ ᠤᠨ ᠬᠤᠪᠢᠷᠠᠯᠲᠠ ᠶᠢ ᠴᠢᠩᠭ᠎ᠠ ᠪᠥᠭᠡᠳ ᠪᠣᠳᠠᠲᠠᠢ ᠠᠬᠢᠭᠤᠯᠤᠨ᠎ᠠ᠃ | ᠥᠪᠡᠷ ᠠᠴᠠ ᠪᠠᠨ ᠡᠬᠢᠯᠡᠨ ᠤᠯᠤᠰ ᠲᠥᠷᠥ ᠶᠢ ᠡᠷᠬᠢᠮᠯᠡᠬᠦ᠂ ᠴᠠᠭ ᠢᠮᠠᠭᠲᠠ ᠤᠯᠤᠰ ᠲᠥᠷᠥ ᠶᠢ ᠡᠷᠬᠢᠮᠯᠡᠬᠦ᠂ ᠪᠠᠭ᠎ᠠ | ᠰᠠᠭ᠎ᠠ ᠤᠴᠢᠷ ᠠᠴᠠ ᠵᠣᠭᠰᠣᠴᠠ ᠶᠢ ᠡᠷᠬᠢᠮᠯᠡᠬᠦ ᠵᠥᠪ ᠣᠨᠣᠪᠴᠢᠲᠠᠢ ᠤᠳᠤᠷᠢᠳᠤᠮᠵᠢ ᠶᠢ ᠶᠡᠬᠡᠪᠡᠷ ᠴᠢᠩᠭᠠᠳᠬᠠᠵᠤ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠤᠭᠠᠷ ᠨᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠳᠡᠭᠡᠷ᠎ᠡ ᠨᠢ ᠲᠥᠷᠥ ᠶᠢᠨ ᠪᠣᠳᠣᠯᠭ᠎ᠠ ᠪᠠᠶᠢᠪᠠᠯ ᠳᠣᠣᠷ᠎ᠠ ᠨᠢ | ᠠᠷᠭᠠᠴᠠᠭᠠᠬᠤ ᠠᠷᠭ᠎ᠠ ᠪᠠᠶᠢᠬᠤ ᠶᠢ ᠲᠠᠰᠤ ᠬᠤᠷᠢᠭᠯᠠᠵᠤ᠂ ᠬᠤᠪᠢᠷᠠᠭᠤᠯᠬᠤ᠂ ᠰᠣᠩᠭᠤᠯᠲᠠ ᠬᠢᠬᠦ᠂ ᠬᠠᠰᠤᠬᠤ ᠶᠢ | ᠲᠠᠰᠤ ᠬᠤᠷᠢᠭᠯᠠᠨ᠎ᠠ᠃ ᠬᠠᠮᠢᠭ᠎ᠠ ᠴᠦ ᠭᠡᠰᠡᠨ ᠲᠡᠷᠢᠭᠦᠨ ᠢ ᠲᠡᠮᠡᠴᠡᠬᠦ᠂ ᠲᠥᠪ ᠬᠤᠲᠠ ᠶᠢᠨ ᠤᠬᠠᠮᠰᠠᠷ᠂ ᠬᠠᠮᠤᠭ ᠤᠨ | ᠰᠠᠶᠢᠨ ᠤ ᠤᠬᠠᠮᠰᠠᠷ ᠢ ᠪᠠᠬᠢᠵᠢᠭᠦᠯᠵᠦ᠂ ︽ᠠᠵᠢᠯ ᠳᠠᠭᠠᠨ ᠲᠡᠷᠢᠭᠦᠨ ᠢ ᠲᠡᠮᠡᠴᠡᠬᠦ᠂ ᠦᠢᠯᠡᠴᠢᠯᠡᠭᠡ ᠳᠤ ᠲᠡᠷᠢᠭᠦᠨ ᠢ | ᠲᠡᠮᠡᠴᠡᠬᠦ᠂ ᠠᠵᠢᠯ ᠤᠨ ᠬᠢᠷᠢ ᠪᠦᠲᠦᠮᠵᠢ ᠳᠡᠭᠡᠨ ᠲᠡᠷᠢᠭᠦᠨ ᠢ ᠲᠡᠮᠡᠴᠡᠬᠦ︾ ᠢᠯᠡ ᠲᠣᠳᠣ ᠤᠳᠤᠷᠢᠳᠤᠮᠵᠢ ᠶᠢ ᠪᠤᠢ | ᠪᠣᠯᠭᠠᠵᠤ᠂ ︽ᠲᠡᠷᠢᠭᠦᠨ ᠤ ᠬᠢ ᠲᠠᠢ ᠬᠠᠷᠢᠴᠠᠭᠤᠯᠵᠤ᠂ ᠲᠡᠷᠢᠭᠦᠨ ᠢ ᠲᠡᠮᠡᠴᠡᠬᠦ︾ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠠᠵᠢᠯ ᠤᠨ ᠪᠠᠶᠢᠳᠠᠯ ᠢ ︽ᠶᠠᠭᠠᠷᠠᠭᠤᠯᠵᠤ ᠬᠢᠯᠭᠡᠬᠦ︾ ᠠᠴᠠ ︽ᠪᠤᠯᠢᠶᠠᠯᠳᠤᠵᠤ ᠬᠢᠬᠦ︾ ︽ | ᠰᠢᠬᠠᠵᠤ ᠬᠢᠯᠭᠡᠬᠦ︾ ᠠᠴᠠ ︽ᠠᠮᠵᠢᠵᠤ ᠬᠢᠬᠦ︾ ︽ᠠᠳᠠᠯᠢᠳᠬᠠᠵᠤ ᠬᠢᠬᠦ︾ ᠲᠡᠶᠢᠰᠢ ᠠᠬᠢᠭᠤᠯᠤᠨ᠎ᠠ᠃ ᠬᠥᠮᠥᠨ | ᠪᠦᠬᠦᠨ ︿ᠨᠡᠷ᠎ᠡ ᠶᠢᠨ ᠬᠠᠭᠤᠳᠠᠰᠤ﹀ ᠶᠢ ᠴᠢᠮᠡᠬᠦ᠂ ᠪᠦᠬᠦ ᠬᠤᠲᠠ ᠶᠢᠨ ᠺᠠᠳ᠋ᠷᠴᠤᠳ ᠢ ᠳᠠᠶᠢᠴᠢᠯᠠᠨ ︽ᠬᠥᠮᠥᠨ | ᠪᠦᠬᠦᠨ ᠪᠦᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠭᠠᠵᠠᠷ ᠪᠣᠯᠭᠠᠨ ᠪᠦᠷ ᠠᠵᠢᠯ ᠤᠨ ᠴᠣᠩᠬᠤ᠂ | ᠬᠦᠮᠦᠨ ᠪᠣᠯᠭᠠᠨ ᠪᠦᠷ ᠲᠥᠪ ᠬᠤᠲᠠ ᠶᠢᠨ ᠳᠦᠷᠢ ᠲᠥᠷᠬᠦ︾ ᠪᠣᠯᠬᠤ ᠤᠬᠠᠮᠰᠠᠷ ᠢ ᠪᠤᠢ ᠪᠣᠯᠭᠠᠵᠤ᠂ ᠬᠠᠮᠲᠤ ᠪᠠᠷ | ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ | ᠨᠢᠭᠲᠠᠷᠠᠭᠤᠯᠤᠨ᠎ᠠ᠃ |