ᠬᠥᠬᠡᠬᠤᠲᠠ ᠶᠢᠨ ᠶᠢᠨ ᠱᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠶᠡᠷᠦᠩᠬᠡᠶᠢᠯᠡᠭᠰᠡᠨ  ᠨᠡᠷᠡᠰ ᠤᠨ ᠵᠢᠭᠰᠠᠭᠠᠯᠲᠠ ᠳᠤ 10  ᠨᠡᠷᠡᠰ ᠳᠡᠭᠡᠭᠰᠢᠯᠡᠪᠡ
ᠨᠡᠶᠢᠲᠡᠯᠡᠭᠰᠡᠨ ᠴᠠᠭ᠄
2021/3/22
      ᠣᠷᠴᠢᠮᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ 2020 ᠣᠨ ᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠶᠢ ᠮᠡᠳᠡᠭᠡᠯᠡᠵᠦ᠂ ᠬᠥᠬᠡᠬᠤᠲᠠ ᠶᠢᠨ ᠶᠢᠨ ᠱᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠳᠡᠭᠡᠷ᠎ᠡ ᠵᠢᠯ ᠤᠨ ᠪᠦᠬᠦ ᠤᠯᠤᠰ ᠤᠨ 133 ᠳ᠋ᠤᠭᠠᠷ ᠨᠡᠷᠡᠰ ᠠᠴᠠ 10 ᠨᠡᠷᠡᠰ ᠳᠠᠪᠰᠢᠵᠤ᠂ 123 ᠳ᠋ᠤᠭᠠᠷ ᠲᠤ ᠣᠷᠣᠵᠠᠢ᠃      ᠬᠥᠬᠡᠬᠤᠲᠠ ᠶᠢᠨ ᠶᠢᠨ ᠱᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠷᠡᠰ ᠤᠨ ᠳᠡᠭᠡᠭᠰᠢᠯᠡᠭᠰᠡᠨ ᠤ ᠠᠷᠤ ᠳᠤ᠂ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠥᠭᠡᠷᠡᠴᠢᠯᠡᠯᠲᠡ ᠪᠠᠷ ᠰᠢᠨ᠎ᠡ ᠡᠭᠦᠳᠦᠯᠲᠡ ᠶᠢ ᠠᠬᠢᠭᠤᠯᠵᠤ᠂ ᠦᠨᠡᠯᠡᠨ ᠰᠢᠯᠭᠠᠬᠤ ᠪᠠᠷ ᠬᠥᠭᠵᠢᠯᠲᠡ ᠶᠢ ᠠᠬᠢᠭᠤᠯᠵᠤ᠂ ᠪᠥᠭᠡᠮᠨᠡᠷᠡᠨ ᠠᠭᠤᠰᠤᠯᠴᠠᠭᠰᠠᠨ ᠬᠥᠭᠵᠢᠯᠲᠡ ᠪᠠᠷ ᠠᠪᠴᠢᠷᠠᠭᠰᠠᠨ ᠠᠮᠵᠢᠯᠲᠠ ᠪᠦᠲᠦᠮᠵᠢ ᠮᠥᠨ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠴᠦᠷᠬᠡᠭᠵᠢᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂  ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠴᠦᠷᠬᠡᠭᠵᠢᠭᠦᠯᠬᠦ︾ ᠭᠤᠣᠯᠳᠠᠯᠭ᠎ᠠ ᠲᠠᠢ ᠲᠤᠰᠬᠠᠢ ᠲᠥᠷᠥᠯ ᠤᠨ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠤᠭᠰᠠᠨ ᠤ ᠦᠷ᠎ᠡ ᠪᠦᠲᠦᠮᠵᠢ ᠮᠥᠨ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠢᠯᠣᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠪᠠᠶᠢᠭᠤᠯᠤᠯ ᠲᠣᠭᠲᠠᠴᠠ ᠪᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠰᠢᠨ᠎ᠡ ᠡᠯᠧᠮᠧᠨ᠋ᠲ ᠢ ᠪᠥᠭᠡᠮᠨᠡᠷᠡᠭᠦᠯᠦᠨ᠂ ᠰᠢᠨᠵᠢᠯᠡᠭᠡ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠵᠢᠱᠢᠶ᠎ᠡ ᠦᠵᠡᠭᠦᠯᠬᠦ ᠲᠣᠭᠤᠷᠢᠭ ᠪᠠ ᠴᠢᠨᠠᠷ ᠰᠠᠶᠢᠲᠠᠢ ᠬᠥᠭᠵᠢᠯᠲᠡ ᠶᠢᠨ ᠡᠮᠦᠨ᠎ᠡ ᠨᠢ ᠶᠠᠪᠤᠬᠤ ᠲᠣᠭᠤᠷᠢᠭ ᠪᠣᠯᠭᠠᠨ ᠪᠦᠲᠦᠭᠡᠨ ᠪᠠᠶᠢᠭᠤᠯᠬᠤ ᠪᠣᠯᠣᠨ᠎ᠠ᠃ ︵ᠰᠤᠷᠪᠤᠯᠵᠢᠯᠠᠭᠴᠢ ᠦ᠋ ᠽᠢ ᠰᠢᠦᠸᠠᠨ ᠴᠢᠮᠡᠭᠡᠯᠡᠭᠴᠢ ᠤᠯᠠᠭᠠᠨ  ᠴᠧᠩ ᠪᠥᠸᠧ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号