ᠵᠠᠩ ᠱᠣᠣ ᠴᠦᠨ ᠮᠠᠨ ᠤ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠥᠳᠦᠭᠡᠨ ᠪᠠᠶᠢᠭᠤᠯᠤᠯᠲᠠ ᠪᠠ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠲᠥᠪ ᠬᠤᠲᠠ ᠶᠢᠨ ᠡᠭᠦᠷᠭᠡᠯᠡᠯ ᠴᠢᠷᠮᠠᠶᠢᠯᠭ᠎ᠠ ᠶᠢ ᠬᠠᠷᠠᠭᠤᠯᠤᠨ ᠴᠢᠨᠠᠷ ᠰᠠᠶᠢᠲᠠᠢ ᠬᠥᠭᠵᠢᠯᠲᠡ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠠᠮᠢ ᠠᠬᠤᠢ ᠶᠢ ᠤᠷᠢᠳᠠᠪᠠᠷ ᠪᠣᠳᠣᠯᠬᠢᠯᠠᠨ ᠣᠷᠴᠢᠨ ᠲᠣᠭᠤᠷᠢᠨ ᠢ ᠬᠠᠮᠠᠭᠠᠯᠠᠬᠤ ᠳᠡᠭᠡᠷ᠎ᠡ ᠡᠮᠦᠨ᠎ᠡ ᠨᠢ ᠶᠠᠪᠤᠵᠤ ᠳᠠᠭᠤᠷᠢᠶᠠᠯ ᠦᠵᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/3/22
ᠾᠧ ᠬᠠᠢ ᠳ᠋ᠦᠩ ᠬᠥᠬᠡᠬᠤᠲᠠ ᠶᠢᠨ ᠠᠵᠢᠯ ᠢ ᠬᠠᠷᠢᠭᠤ ᠮᠡᠳᠡᠭᠦᠯᠪᠡ       3 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠣ ᠴᠦᠨ ᠮᠠᠨ ᠤ ᠬᠤᠲᠠ ᠳᠤ ᠭᠦᠨᠵᠡᠭᠡᠶᠢᠷᠡᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠰᠠᠭᠤᠳᠠᠯ ᠤᠨ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠮᠠᠨ ᠤ ᠬᠤᠲᠠ ᠶᠢᠨ ᠠᠵᠤ ᠠᠬᠤᠢ ᠶᠢᠨ ᠡᠷᠭᠢᠯᠲᠡ ᠵᠢᠴᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠠᠵᠢᠯ ᠢ ᠥᠷᠨᠢᠭᠦᠯᠦᠭᠰᠡᠨ᠂ ᠬᠠᠲᠤᠨ ᠭᠤᠣᠯ ᠤᠨ ᠰᠠᠪᠠ ᠭᠠᠵᠠᠷ ᠢ ᠵᠠᠰᠠᠨ ᠬᠠᠮᠠᠭᠠᠯᠠᠬᠤ ᠵᠡᠷᠭᠡ ᠠᠵᠢᠯ ᠢ ᠬᠠᠷᠢᠭᠤ ᠮᠡᠳᠡᠭᠦᠯᠵᠦ ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠥᠬᠡᠬᠤᠲᠠ ᠶᠢᠨ ᠬᠤᠯᠪᠣᠭᠳᠠᠯ ᠪᠦᠬᠦᠢ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ᠃      ᠵᠠᠩ ᠱᠣᠣ ᠴᠦᠨ ᠵᠢᠭᠠᠬᠤ ᠳᠠᠭᠠᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠣᠨ᠎ᠠ᠂ ᠡᠬᠢᠨ ᠤ ᠠᠯᠬᠤᠮ ᠢᠶᠠᠨ ᠰᠠᠶᠢᠬᠠᠨ ᠠᠯᠬᠤᠵᠤ᠂ ᠰᠢᠨ᠎ᠡ ᠲᠦᠷᠰᠦ ᠪᠠᠶᠢᠳᠠᠯ ᠢ ᠣᠯᠵᠤ ᠬᠠᠷᠠᠬᠤ ᠨᠢ ᠶᠠᠭᠤᠨ ᠠᠴᠠ ᠴᠦ  ᠴᠢᠬᠤᠯᠠ᠃ ᠬᠥᠬᠡᠬᠤᠲᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠲᠥᠪ ᠬᠤᠲᠠ ᠶᠢᠨ ᠡᠭᠦᠷᠭᠡᠯᠡᠯ ᠴᠢᠷᠮᠠᠶᠢᠯᠭ᠎ᠠ ᠶᠢ ᠬᠠᠷᠠᠭᠤᠯᠤᠨ᠂ ᠴᠢᠨᠠᠷ ᠰᠠᠶᠢᠲᠠᠢ ᠬᠥᠭᠵᠢᠯᠲᠡ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ ᠣᠷᠴᠢᠨ ᠲᠣᠭᠤᠷᠢᠨ ᠢ ᠬᠠᠮᠠᠭᠠᠯᠠᠬᠤ ᠳᠡᠭᠡᠷ᠎ᠡ ᠡᠮᠦᠨ᠎ᠡ ᠨᠢ ᠶᠠᠪᠤᠵᠤ ᠳᠠᠭᠤᠷᠢᠶᠠᠯ ᠦᠵᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤᠮᠳᠠ ᠰᠢᠨ᠎ᠡ ᠰᠢᠪᠲᠤᠯᠤᠯᠲᠠ ᠭᠠᠷᠭᠠᠨ᠂ ᠰᠢᠨ᠎ᠡ ᠳᠠᠪᠰᠢᠯᠲᠠ ᠶᠢ ᠬᠠᠷᠠᠭᠤᠯᠵᠤ᠂ ᠰᠢᠨ᠎ᠡ ᠠᠮᠵᠢᠯᠲᠠ ᠪᠦᠲᠦᠮᠵᠢ ᠣᠯᠬᠤ ᠬᠡᠷᠡᠭᠲᠡᠢ ᠭᠡᠵᠡᠢ᠃      ᠵᠠᠩ ᠱᠣᠣ ᠴᠦᠨ ᠴᠢᠬᠤᠯᠠᠴᠢᠯᠠᠬᠤ ᠳᠠᠭᠠᠨ᠂ ᠬᠥᠬᠡᠬᠤᠲᠠ ᠶᠢᠨ ᠬᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠡᠭᠡᠷ᠎ᠡ ᠡᠮᠦᠨ᠎ᠡ ᠨᠢ ᠶᠠᠪᠤᠵᠤ᠂ ᠲᠥᠷᠥᠯ ᠵᠦᠢᠯ ᠢ ᠲᠥᠯᠥᠪᠵᠢᠭᠦᠯᠬᠦ ᠶᠢ ᠴᠢᠩᠭᠠᠳᠬᠠᠨ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠥᠷᠥᠯ ᠵᠦᠢᠯ ᠢ ᠠᠳᠬᠤᠨ ᠬᠥᠭᠵᠢᠯᠲᠡ ᠶᠢ  ᠰᠦᠪᠡᠭᠴᠢᠯᠡᠬᠦ ᠳᠡᠭᠡᠷ᠎ᠡ ᠲᠥᠪ ᠬᠤᠲᠠ ᠶᠢᠨ ᠡᠷᠴᠢ ᠬᠦᠴᠦ᠂ ᠲᠥᠪ ᠬᠤᠲᠠ ᠶᠢᠨ ᠬᠤᠷᠳᠤᠴᠠ᠂ ᠲᠥᠪ ᠬᠤᠲᠠ ᠶᠢᠨ ᠣᠪᠣᠷ ᠰᠤᠷᠲᠠᠯ ᠢ ᠬᠠᠷᠠᠭᠤᠯᠬᠤ ᠬᠡᠷᠡᠭᠲᠡᠢ᠃ ᠲᠥᠪ ᠬᠤᠲᠠ ᠶᠢᠨ ᠪᠠᠶᠢᠷᠢ ᠲᠣᠭᠲᠠᠭᠠᠯᠲᠠ  ᠴᠢᠳᠠᠮᠵᠢ   ᠲᠠᠢ ᠤᠶᠠᠯᠳᠤᠭᠤᠯᠤᠨ ᠲᠥᠷᠥᠯ ᠵᠦᠢᠯ ᠢ ᠠᠳᠬᠤᠵᠤ᠂ ᠳᠠᠪᠠᠭᠤᠯᠢᠭ ᠠᠵᠤ ᠦᠢᠯᠡᠰ ᠤᠨ ︽ᠬᠡᠯᠬᠢᠶ᠎ᠡ ᠶᠢ ᠤᠷᠲᠤᠳᠬᠠᠵᠤ᠂ ᠬᠡᠯᠬᠢᠶ᠎ᠡ ᠶᠢ ᠨᠥᠬᠦᠵᠦ᠂ ᠬᠡᠯᠬᠢᠶ᠎ᠡ ᠶᠢ ᠬᠦᠴᠦᠷᠬᠡᠭᠵᠢᠭᠦᠯᠵᠦ︾᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ︔ ᠴᠢᠬᠤᠯᠠ ᠡᠯᠧᠮᠧᠨ᠋ᠲ ᠤᠨ ᠪᠠᠳᠤᠯᠠᠭ᠎ᠠ ᠶᠢ ᠴᠢᠩᠭᠠᠳᠬᠠᠨ ᠲᠥᠷᠥᠯ ᠵᠦᠢᠯ ᠢ ᠠᠳᠬᠤᠵᠤ᠂ ᠲᠥᠷᠥᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ᠂ ᠪᠡᠯᠡ ᠮᠥᠩᠭᠦ ᠵᠡᠷᠭᠡ ᠴᠢᠬᠤᠯᠠ ᠡᠯᠧᠮᠧᠨ᠋ᠲ ᠢ ᠣᠨᠣᠪᠴᠢᠲᠠᠢ ᠵᠣᠯᠭᠠᠭᠤᠯᠵᠤ᠂ ᠲᠥᠷᠥᠯ ᠵᠦᠢᠯ ᠢ ᠯᠠᠪᠳᠠᠭᠤᠨ ᠨᠠᠶᠢᠳᠠᠪᠤᠷᠢᠵᠢᠭᠤᠯᠬᠤ᠂ ᠡᠷᠲᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ︔ ᠲᠣᠭᠲᠠᠴᠠ ᠪᠠ ᠪᠠᠶᠢᠭᠤᠯᠤᠯ ᠢ ᠲᠡᠭᠦᠯᠳᠡᠷᠵᠢᠭᠦᠯᠦᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠳᠠᠷᠤᠰᠢᠭᠤᠯᠵᠤ᠂ ᠲᠥᠷᠥᠯ ᠵᠦᠢᠯ ᠢ ᠠᠳᠬᠤᠬᠤ ᠰᠠᠶᠢᠨ ᠰᠠᠶᠢᠬᠠᠨ ᠲᠣᠭᠲᠠᠴᠠ ᠪᠠ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠠᠵᠤ ᠦᠢᠯᠡᠰ ᠢ ᠲᠡᠰ ᠳᠡᠪᠰᠢᠭᠦᠯᠬᠦ ᠳᠡᠭᠡᠷ᠎ᠡ ᠡᠮᠦᠨ᠎ᠡ ᠨᠢ ᠶᠠᠪᠤᠵᠤ᠂ ᠪᠠᠶᠢᠯᠳᠤᠬᠤ ᠪᠣᠳᠣᠯᠭ᠎ᠠ ᠶᠢᠨ ᠪᠠᠲᠤ ᠬᠦᠴᠦᠨ ᠢᠶᠠᠨ ᠢᠮᠠᠭᠲᠠ ᠪᠠᠷᠢᠮᠲᠠᠯᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥᠯ ᠵᠦᠢᠯ ᠢ ᠲᠥᠯᠥᠪᠵᠢᠭᠦᠯᠬᠦ ᠳᠡᠭᠡᠨ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠬᠤᠴᠣᠷᠤᠩᠭᠤᠢ ᠦᠢᠯᠡᠳᠪᠦᠷᠢᠯᠡᠯ ᠤᠨ ᠬᠦᠴᠦᠨ ᠢ ᠡᠷᠡᠰ ᠰᠢᠭᠰᠢᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ᠂ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠳᠡᠭᠡᠳᠦ ᠲᠡᠰ᠂ ᠣᠶᠤᠨᠴᠢᠯᠠᠭᠰᠠᠨ᠂ ᠪᠣᠬᠢᠷᠲᠤᠯ ᠦᠭᠡᠢ ᠲᠡᠶᠢᠰᠢ ᠵᠠᠯᠠᠬᠤ ᠬᠡᠷᠡᠭᠲᠡᠢ᠃ ᠠᠮᠢ ᠠᠬᠤᠢ ᠶᠢ ᠤᠷᠢᠳᠠᠪᠠᠷ ᠪᠣᠳᠣᠯᠬᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠳᠡᠭᠡᠷ᠎ᠡ ᠡᠮᠦᠨ᠎ᠡ ᠨᠢ ᠶᠠᠪᠤᠵᠤ᠂ ᠭᠤᠣᠯᠳᠠᠯᠭ᠎ᠠ ᠶᠢ ᠳᠣᠪᠣᠶᠢᠯᠭᠠᠨ᠂ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠯᠡᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠠᠲᠤᠨ ᠭᠤᠣᠯ ᠤᠨ ᠦᠶᠡᠷ ᠤᠰᠤᠳᠤᠯ ᠢ ᠰᠡᠷᠭᠡᠶᠢᠯᠡᠬᠦ ᠠᠶᠤᠯᠭᠦᠢ ᠶᠢ ᠪᠠᠲᠤᠯᠠᠵᠤ᠂ ᠬᠠᠲᠤᠨ ᠭᠤᠣᠯ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ᠂ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠳᠡᠭᠡᠳᠦ ᠲᠡᠰ᠂ ᠣᠶᠤᠨᠴᠢᠯᠠᠭᠰᠠᠨ᠂ ᠪᠣᠬᠢᠷᠲᠤᠯ ᠦᠭᠡᠢ ᠲᠡᠶᠢᠰᠢ ᠵᠠᠯᠠᠬᠤ ᠬᠡᠷᠡᠭᠲᠡᠢ᠃ ᠠᠮᠢ ᠠᠬᠤᠢ ᠶᠢ ᠤᠷᠢᠳᠠᠪᠠᠷ ᠪᠣᠳᠣᠯᠬᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠳᠡᠭᠡᠷ᠎ᠡ ᠡᠮᠦᠨ᠎ᠡ ᠨᠢ ᠶᠠᠪᠤᠵᠤ᠂ ᠭᠤᠣᠯᠳᠠᠯᠭ᠎ᠠ ᠶᠢ ᠳᠣᠪᠣᠶᠢᠯᠭᠠᠨ᠂ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠯᠡᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠠᠲᠤᠨ ᠭᠤᠣᠯ ᠤᠨ ᠦᠶᠡᠷ ᠢ ᠰᠡᠷᠭᠡᠶᠢᠯᠡᠬᠦ ᠠᠶᠤᠯᠭᠦᠢ ᠶᠢ ᠪᠠᠲᠤᠯᠠᠵᠤ᠂ ᠬᠠᠲᠤᠨ ᠭᠤᠣᠯ ᠤᠨ ᠦᠨᠢᠳᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠪᠢ ᠭᠥᠸᠧ ᠴᠧᠨ᠂ ᠶᠦᠨ ᠰᠢᠨ ᠮᠢᠩ᠂ ᠴᠢᠶᠥᠥ ᠶᠦᠨ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号