ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠵᠧᠩ ᠰᠢᠤᠸᠠᠢ ᠯᠢᠶᠠᠩ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠳᠠᠷᠠᠭ᠎ᠠ᠂ ᠬᠥᠬᠡᠬᠤᠲᠠ ᠴᠠᠭ | ᠳᠠᠷᠤᠢ ᠳᠤᠨᠢ ︽ᠲᠡᠷᠢᠭᠦᠨ ᠤ ᠬᠢ ᠲᠠᠢ ᠬᠠᠷᠢᠴᠠᠭᠤᠯᠤᠨ ᠰᠤᠷᠲᠠᠯ ᠢᠶᠠᠨ ᠬᠤᠪᠢᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠶᠡᠭᠡ ᠬᠤᠷᠠᠯ︾ ᠢ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠥᠪ ᠬᠤᠲᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠡᠷᠡᠰ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ᠃ 2019 ᠣᠨ ᠠᠴᠠ ᠨᠠᠭᠠᠰᠢ᠂ ᠬᠥᠬᠡᠬᠤᠲᠠ ᠰᠤᠷᠲᠠᠯ ᠳᠡᠭᠡᠷ᠎ᠡ ᠣᠷᠣᠰᠢᠵᠤ ᠪᠠᠶᠢᠭ᠎ᠠ ᠠᠷᠬᠠᠭ ᠭᠡᠮ ᠢ ᠴᠢᠩᠭ᠎ᠠ ᠵᠠᠰᠠᠬᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠬᠦ᠂ ᠣᠯᠠᠨ ᠲᠦᠮᠡᠨ ᠠᠵᠤ ᠠᠬᠤᠶᠢᠯᠠᠯ ᠤᠨ ᠲᠤᠯᠭᠠᠮᠳᠠᠵᠤ ᠵᠣᠪᠠᠵᠤ ᠬᠦᠴᠢᠷᠳᠡᠵᠦ ᠬᠦᠰᠡᠵᠦ ᠰᠠᠨᠠᠭᠰᠠᠨ ᠤᠴᠢᠷ ᠲᠤ ᠬᠠᠷᠢᠭᠤ ᠲᠤᠰᠬᠠᠬᠤ | ᠪᠣᠳᠠᠲᠤ ᠠᠵᠢᠯᠯᠠᠭ᠎ᠠ ᠪᠣᠯᠭᠠᠨ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠲᠠᠰᠤᠷᠠᠯᠲᠠ ᠦᠭᠡᠢ ᠬᠦᠴᠦᠯᠡᠨ ᠠᠬᠢᠭᠤᠯᠪᠠ᠃ ᠪᠦᠬᠦ ᠣᠷᠣᠨ ᠤ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠮᠵᠢᠯᠲᠠ ᠪᠦᠲᠦᠮᠵᠢ ᠶᠢᠨ | ᠰᠢᠯᠭᠠᠯᠲᠠ ᠳᠤ ᠲᠡᠷᠢᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠨᠡᠯᠡᠯᠲᠡ ᠳᠤ ᠤᠤᠯ ᠤᠨ 2019 | ᠣᠨ ᠳᠤ ᠠᠷᠤ ᠠᠴᠠ ᠨᠢᠭᠡᠳᠦᠭᠡᠷ ᠲᠤ ᠣᠷᠣᠵᠤ ᠪᠠᠶᠢᠭᠰᠠᠨ ᠠᠴᠠ ᠪᠠᠨ ᠳᠠᠪᠰᠢᠵᠤ 2020 ᠣᠨ ᠪᠣᠯᠬᠤ ᠳᠤ ᠡᠮᠦᠨ᠎ᠡ ᠠᠴᠠ ᠬᠤᠶᠠᠳᠤᠭᠠᠷ ᠲᠤ ᠣᠷᠣᠪᠠ᠃ | ᠲᠦᠷᠦᠭᠦᠭᠡᠨ᠂ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠡᠨᠡ ᠲᠤᠬᠠᠢ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠾᠧ ᠬᠠᠢ ᠳ᠋ᠦᠩ ᠢ ᠰᠤᠷᠪᠤᠯᠵᠢᠯᠠᠪᠠ᠃ | ᠾᠧ ᠬᠠᠢ ᠳ᠋ᠦᠩ ᠦᠵᠡᠬᠦ ᠪᠠᠷ᠂ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠣᠯ ᠰᠤᠷᠲᠠᠯ ᠢ ᠪᠠᠶᠢᠴᠠᠭᠠᠬᠤ ᠴᠢᠬᠤᠯᠠ ᠬᠡᠮᠵᠢᠭᠦᠷ | ᠮᠥᠨ᠂ ᠺᠠᠳ᠋ᠷᠴᠤᠳ ᠤᠨ ᠰᠢᠯᠢᠳᠡᠭ ᠰᠤᠷᠲᠠᠯ ᠪᠣᠯ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠬᠦᠴᠦᠲᠡᠢ ᠪᠠᠲᠤᠯᠠᠭ᠎ᠠ ᠮᠥᠨ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠠᠶᠢᠨ ᠮᠠᠭᠤ ᠨᠢ ᠣᠳᠣ ᠶᠢᠨ ᠪᠠᠶᠢᠭ᠎ᠠ ᠠᠵᠤ ᠠᠬᠤᠶᠢᠯᠠᠯ ᠤᠨ ᠬᠥᠭᠵᠢᠯᠲᠡ᠂ ᠣᠷᠣᠭᠤᠯᠵᠤ ᠢᠷᠡᠬᠦ ᠠᠵᠤ | ᠠᠬᠤᠶᠢᠯᠠᠯ ᠤᠨ ᠬᠢᠷᠢ ᠲᠦᠪᠰᠢᠨ᠂ ᠴᠢᠬᠤᠯᠠ ᠨᠥᠬᠦᠴᠡᠯ ᠢ ᠲᠥᠪᠯᠡᠷᠡᠭᠦᠯᠬᠦ ᠶᠠᠰᠤ ᠴᠢᠨᠠᠷ ᠢ ᠰᠢᠭᠤᠳ ᠲᠣᠭᠲᠠᠭᠠᠨ᠎ᠠ︔ ᠺᠠᠳ᠋ᠷᠴᠤᠳ ᠤᠨ ᠰᠤᠷᠲᠠᠯ ᠤᠨ ᠰᠠᠶᠢᠨ | ᠮᠠᠭᠤ ᠨᠢ ᠲᠥᠪ ᠬᠤᠲᠠ ᠶᠢᠨ ᠲᠦᠷᠢ ᠲᠦᠷᠬᠦ ᠳᠤ ᠬᠤᠯᠪᠣᠭᠳᠠᠵᠤ᠂ ᠬᠦᠮᠦᠨ ᠠᠷᠠᠳ ᠤᠨ ᠰᠡᠳᠬᠢᠯ ᠢ ᠣᠯᠵᠤ ᠠᠯᠳᠠᠬᠤ ᠲᠠᠢ ᠬᠤᠯᠪᠣᠭᠳᠠᠵᠤ᠂ ᠠᠵᠢᠯ | ᠦᠢᠯᠡᠰ ᠤᠨ ᠪᠦᠲᠦᠵᠦ ᠢᠯᠠᠭᠳᠠᠬᠤ ᠳᠤ ᠬᠤᠯᠪᠣᠭᠳᠠᠵᠤ᠂ ᠬᠦᠴᠦᠨ ᠴᠢᠳᠠᠯ ᠢ ᠨᠢᠭᠲᠠᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ | ᠪᠠᠲᠤᠯᠠᠭ᠎ᠠ ᠪᠣᠯᠣᠨ᠎ᠠ᠃ | ᠾᠧ ᠬᠠᠢ ᠳ᠋ᠦᠩ ᠬᠡᠯᠡᠬᠦ ᠳᠡᠭᠡᠨ᠂ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠦᠯᠵᠢᠯᠡᠨ ᠰᠤᠷᠲᠠᠯ ᠢ ᠶᠡᠬᠡᠪᠡᠷ ᠠᠳᠬᠤᠬᠤ ᠣᠷᠴᠢᠨ ᠨᠥᠬᠦᠴᠡᠯ ᠢ ᠶᠡᠬᠡᠪᠡᠷ | ᠠᠳᠬᠤᠬᠤ ᠰᠢᠢᠳᠮᠡᠭᠡᠢ ᠣᠪᠣᠷ ᠢᠶᠠᠨ ᠢᠯᠡᠳᠬᠡᠵᠦ᠂ ︽ᠲᠡᠷᠢᠭᠦᠨ︾ ᠳᠤ ᠠᠩᠬᠠᠷᠤᠯ ᠢᠶᠠᠨ ᠬᠠᠨᠳᠤᠭᠤᠯᠵᠤ᠂ ︽ᠦᠴᠦᠬᠡᠨ ᠴᠦ ᠠᠭᠤᠴᠢᠯᠠᠬᠤ ᠦᠭᠡᠢ︾ ᠳᠤ | ᠠᠩᠬᠠᠷᠤᠯ ᠢᠶᠠᠨ ᠬᠠᠨᠳᠤᠭᠤᠯᠵᠤ᠂ ︽ᠦᠨᠡᠨ ᠴᠡᠭᠴᠡᠯᠡᠨ ᠰᠠᠶᠢᠵᠢᠷᠠᠭᠤᠯᠬᠤ︾ ᠳᠤ ᠠᠩᠬᠠᠷᠤᠯ ᠢᠶᠠᠨ ᠬᠠᠨᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠪᠦᠬᠦ ᠬᠤᠲᠠ ᠶᠢᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠪᠤᠶᠠᠨ ᠦᠢᠯᠡᠳᠬᠦ ᠡᠭᠦᠷᠭᠡᠯᠡᠯ ᠢᠶᠠᠷ | ᠬᠦᠴᠢᠷ ᠪᠡᠷᠬᠡ ᠶᠢ ᠢᠯᠠᠵᠤ᠂ ᠡᠷᠡᠯᠬᠡᠭᠯᠡᠨ ᠤᠷᠤᠭᠰᠢᠯᠠᠨ ᠲᠡᠷᠢᠭᠦᠨ ᠢ ᠵᠣᠷᠢᠭᠲᠠᠢ ᠲᠡᠮᠡᠴᠡᠬᠦ ᠣᠷᠭᠢᠯᠤᠮ᠎ᠠ ᠰᠡᠳᠬᠢᠯᠭᠡ ᠪᠠᠷ ᠳᠠᠬᠢᠨᠲᠠ ᠪᠠᠶᠢᠯᠳᠤᠨ ᠳᠠᠬᠢᠨᠲᠠ | ᠢᠯᠠᠵᠤ᠂ ᠰᠢᠨ᠎ᠡ ᠳᠦᠷᠢ ᠪᠠᠶᠢᠳᠠᠯ᠂ ᠰᠢᠨ᠎ᠡ ᠰᠤᠷᠲᠠᠯ ᠢᠶᠠᠷ ᠲᠥᠪ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠢᠶᠠᠨ ᠰᠠᠶᠢᠬᠠᠨ ᠡᠬᠢᠯᠡᠭᠦᠯᠵᠦ᠂ | ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠨ᠎ᠡ ᠭᠡᠵᠡᠢ᠃ | ᠨᠢᠳᠤᠨᠤᠨ ᠠᠴᠠ ᠨᠠᠭᠠᠰᠢ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠠᠭ ᠢᠮᠠᠭᠲᠠ ︽ᠬᠤᠶᠠᠷ ᠢ ᠬᠦᠷᠢᠶᠡᠯᠡᠬᠦ︾ | ᠥᠨᠳᠦᠷᠴᠡ ᠳᠤ ᠵᠣᠭᠰᠣᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ᠂ ᠴᠢᠬᠤᠯᠠ | ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠤᠨ | ᠲᠠᠯ᠎ᠠ ᠪᠠᠷ᠂ ︽ᠬᠤᠷᠳᠤᠨ︾ ᠢ ᠳᠣᠪᠣᠶᠢᠯᠭᠠᠨ᠂ ︽ᠨᠢᠭᠡ ᠴᠣᠩᠬᠤ ᠪᠠᠷ ᠭᠤᠶᠤᠴᠢᠯᠠᠨ᠂ ᠨᠢᠭᠡ ᠬᠤᠪᠢ ᠮᠠᠲ᠋ᠧᠷᠢᠶᠠᠯ ᠲᠤᠰᠢᠶᠠᠵᠤ᠂ ᠨᠢᠭᠡ ᠤᠳᠠᠭ᠎ᠠ ᠳᠤ | ᠭᠦᠢᠴᠡᠳᠬᠡᠵᠦ᠂ ᠨᠢᠭᠡ ᠤᠳᠠᠭ᠎ᠠ ᠳᠤ ᠭᠠᠷᠭᠠᠨ ᠠᠪᠴᠤ᠂ ᠨᠢᠭᠡᠯᠡ ᠤᠳᠠᠭ᠎ᠠ ᠭᠦᠶᠦᠬᠦ︾ ︽ᠲᠠᠪᠤᠨ ᠨᠢᠭᠡ︾ ᠶᠢ ᠬᠤᠯᠪᠣᠨ ᠬᠢᠨᠠᠨ ᠵᠥᠪᠰᠢᠶᠡᠷᠡᠵᠦ | ᠭᠦᠢᠴᠡᠳᠬᠡᠬᠦ ᠵᠠᠭᠪᠤᠷ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠨᠡᠭᠡᠭᠡᠵᠦ ᠪᠠᠶᠢᠭᠤᠯᠬᠤ ᠴᠠᠭ ᠢ 0.5 ᠠᠵᠢᠯ ᠤᠨ ᠡᠳᠦᠷ ᠪᠣᠯᠲᠠᠯ᠎ᠠ ᠪᠠᠭᠠᠰᠬᠠᠪᠠ︔ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠢ 73 ᠠᠵᠢᠯ ᠤᠨ ᠡᠳᠦᠷ ᠪᠣᠯᠲᠠᠯ᠎ᠠ ᠪᠠᠭᠠᠰᠬᠠᠵᠤ᠂ ᠠᠮᠠᠷ | ᠳᠥᠭᠦᠮᠬᠡᠨ ᠲᠥᠷᠥᠯ ᠵᠦᠢᠯ ᠢ 12 ᠠᠵᠢᠯ ᠤᠨ ᠡᠳᠦᠷ ᠪᠣᠯᠲᠠᠯ᠎ᠠ ᠪᠠᠭᠠᠰᠬᠠᠪᠠ᠃ ︽ᠰᠢᠯᠢᠳᠡᠭ︾ ᠢ ᠳᠣᠪᠣᠶᠢᠯᠭᠠᠨ᠂ ᠠᠵᠤ ᠠᠬᠤᠶᠢᠯᠠᠯ ᠤᠨ ︽ᠪᠦᠬᠦ ᠠᠮᠢ | ᠨᠠᠰᠤᠨ ᠤ ᠦᠶᠡᠯᠡᠯ︾ ᠳᠤ ᠠᠩᠬᠠᠷᠤᠯ ᠢᠶᠠᠨ ᠬᠠᠨᠳᠤᠭᠤᠯᠵᠤ᠂ ᠠᠷᠠᠳ ᠲᠤ ᠳᠥᠭᠦᠮ ᠠᠵᠤ ᠠᠬᠤᠶᠢᠯᠠᠯ ᠳᠤ ᠠᠰᠢᠭᠲᠠᠢ 9 ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠪᠡ︔ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠳᠤ 24 ᠴᠠᠭ ᠤᠨ ︽ᠠᠮᠠᠷᠠᠬᠤ ᠦᠭᠡᠢ︾ ᠥᠪᠡᠷ ᠤᠨ ᠦᠢᠯᠡᠴᠢᠯᠡᠭᠡᠨ ᠤ | ᠲᠤᠰᠬᠠᠢ ᠣᠷᠣᠨ ᠪᠠᠶᠢᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠬᠡᠵᠢᠶ᠎ᠡ ᠴᠠᠭ ᠲᠤ ᠴᠤ ᠤᠴᠢᠷ ᠶᠠᠪᠤᠳᠠᠯ ᠢᠶᠠᠨ ᠭᠦᠢᠴᠡᠳᠬᠡᠬᠦ ᠳᠤ ᠳᠥᠭᠦᠮ | ᠥᠵᠡᠭᠦᠯᠪᠡ᠃ ︽ᠨᠡᠶᠢᠳᠬᠡᠬᠦ︾ ᠶᠢ ᠳᠣᠪᠣᠶᠢᠯᠭᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ︾ ᠶᠢ | ᠠᠬᠢᠭᠤᠯᠵᠤ᠂ ︽ᠨᠢᠭᠡ ᠡᠭᠦᠳᠡ᠂ ᠨᠢᠭᠡ ᠰᠦᠯᠵᠢᠶ᠎ᠡ᠂ ᠨᠢᠭᠡ ᠤᠳᠠᠭ᠎ᠠ᠂ ᠨᠢᠭᠡ ᠴᠣᠩᠬᠤ︾ ᠪᠠᠷ ᠬᠢᠨᠠᠨ ᠵᠥᠪᠰᠢᠶᠡᠷᠡᠬᠦ ᠶᠢ ᠬᠡᠷᠡᠭᠵᠢᠬᠦᠯᠪᠡ︔ ᠪᠦᠬᠦ | ᠬᠤᠲᠠ ᠶᠢᠨ 56 ᠬᠤᠲᠠ ᠶᠢᠨ ᠠᠷᠠᠳ ᠤᠨ ᠬᠠᠯᠠᠮᠰᠢᠯ ᠤᠲᠠᠰᠤ ᠶᠢ ᠨᠡᠶᠢᠳᠬᠡᠨ ︽12345︾ ᠨᠢᠭᠡ ᠳ᠋ᠤᠭᠠᠷ ᠢᠶᠠᠷ ᠦᠢᠯᠡᠴᠢᠯᠡᠵᠦ᠂ ︽7*24︾ | ᠴᠠᠭ ᠤᠨ ᠪᠦᠬᠦ ᠶᠠᠪᠤᠴᠠ ᠶᠢᠨ ᠦᠢᠯᠡᠴᠢᠯᠡᠭᠡ ᠶᠢ ᠪᠡᠶᠡᠯᠡᠭᠦᠯᠪᠡ᠃ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠤᠨ ᠲᠠᠯ᠎ᠠ ᠪᠠᠷ᠂ ᠢᠲᠡᠭᠡᠮᠵᠢ ᠶᠢ ᠠᠩᠬᠠᠷᠴᠤ᠂ | 2020 ᠣᠨ ᠤ ᠵᠠᠰᠠᠭ ᠤᠨ ᠣᠷᠳᠣᠨ ᠤ ᠠᠵᠤ ᠠᠬᠤᠶᠢᠯᠠᠯ ᠳᠠᠬᠢ 72.8 ᠳ᠋ᠦᠩᠰᠢᠭᠤᠷ ᠲᠥᠭᠦᠷᠢᠭ ᠤᠨ ᠬᠤᠭᠤᠴᠠᠭ᠎ᠠ ᠬᠤᠪᠢᠶᠠᠭᠰᠠᠨ ᠦᠭᠡᠢ ᠥᠷᠢ ᠶᠢ | ᠪᠦᠬᠦ ᠲᠠᠯ᠎ᠠ ᠪᠠᠷ ᠢᠯᠭᠠᠷᠠᠭᠤᠯᠵᠤ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠪᠠᠶᠢᠭᠤᠯᠬᠤ ᠶᠢ | ᠲᠦᠯᠬᠢᠨ ᠠᠬᠢᠭᠤᠯᠪᠠ᠃ ᠬᠢᠨᠠᠯᠲᠠ ᠬᠠᠮᠢᠶᠠᠷᠤᠯᠲᠠ ᠶᠢ ᠠᠩᠬᠠᠷᠴᠤ᠂ ︽ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ︾ ᠪᠠᠷ ᠦᠨᠳᠦᠰᠦᠨ ᠠᠷᠭ᠎ᠠ | ᠮᠠᠶ᠋ᠢᠭ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠬᠠᠤᠯᠢ ᠪᠠᠷ ᠵᠠᠰᠠᠬᠤ ᠣᠷᠴᠢᠨ ᠨᠥᠬᠦᠴᠡᠯ ᠤᠨ | ᠲᠠᠯ᠎ᠠ ᠪᠠᠷ᠃ ᠪᠦᠬᠦ ᠬᠤᠲᠠ ᠶᠢᠨ 39 ᠬᠤᠲᠠ ᠶᠢᠨ ᠲᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠦᠬᠦᠨ ᠢᠶᠠᠷ ᠢᠶᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠵᠠᠷᠯᠠᠯ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠰᠢᠢᠳᠪᠦᠷᠢ ᠳᠤ | ᠬᠠᠤᠯᠢ ᠪᠠᠷ ᠵᠠᠰᠠᠬᠤ ᠬᠢᠨᠠᠯᠲᠠ ᠬᠠᠷᠭᠤᠭᠤᠯᠤᠯᠲᠠ ᠬᠢᠬᠦ ᠵᠡᠷᠭᠡ ᠲᠣᠭᠲᠠᠴᠠ ᠶᠢ ᠬᠡᠷᠡᠭᠵᠢᠭᠦᠯᠪᠡ᠃ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠤ ︽ | ᠬᠤᠣᠷ ᠤᠨ ᠨᠥᠯᠥᠭᠡ ᠶᠢ ᠠᠷᠢᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ ᠠᠩᠭᠢ ᠶᠢ | ᠪᠠᠶᠢᠭᠤᠯᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 2020 ᠣᠨ ᠳᠤ ᠨᠡᠶᠢᠲᠡ 244 ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠠᠷᠠᠳ ᠤᠨ ᠴᠠᠭᠳᠠᠭ᠎ᠠ ᠶᠢ ᠪᠠᠶᠢᠴᠠᠭᠠᠨ ᠰᠢᠢᠳᠪᠦᠷᠢᠯᠡᠪᠡ᠃ ᠺᠠᠳ᠋ᠷᠴᠤᠳ ᠤᠨ ᠰᠤᠷᠲᠠᠯ ᠤᠨ ᠲᠠᠯ᠎ᠠ ᠪᠠᠷ᠃ ︽ᠰᠢᠯᠢᠳᠡᠭ ᠢ ᠬᠥᠬᠢᠭᠦᠯᠦᠨ | ᠮᠠᠭᠤ ᠶᠢ ᠵᠠᠯᠬᠠᠭᠠᠬᠤ︾ ᠢᠯᠡ ᠲᠣᠳᠣᠷᠬᠠᠢ ᠤᠳᠤᠷᠢᠳᠤᠮᠵᠢ ᠶᠢ ᠪᠤᠢ ᠪᠣᠯᠭᠠᠵᠤ᠂ ᠨᠢᠭᠡ ᠲᠠᠯ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤᠮᠳᠠ | ᠳᠣᠪᠣᠶᠢᠮ᠎ᠠ ᠢᠯᠡᠷᠡᠯ ᠲᠠᠢ ᠶᠢ ᠬᠥᠬᠢᠭᠦᠯᠦᠨ ᠱᠠᠩᠨᠠᠪᠠ᠃ ᠨᠥᠭᠦᠭᠡ ᠲᠠᠯ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠢ ︽ | ᠥᠴᠥᠬᠡᠨ ᠴᠦ ᠠᠭᠤᠴᠢᠯᠠᠬᠤ ᠦᠭᠡᠢ︾᠂ 2020 ᠣᠨ ᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠪᠠᠭ᠎ᠠ | ᠨᠣᠶᠠᠨ ᠡᠷᠬᠡ ᠪᠠᠨ ᠠᠰᠢᠭᠯᠠᠬᠤ︾ ︽ᠰᠠᠯᠠᠭᠠᠨ ᠳᠠᠷᠤᠭ᠎ᠠ ᠶᠢᠨ ᠳᠠᠷᠤᠩᠭᠤᠶᠢᠯᠠᠬᠤ ᠵᠠᠰᠠᠭ︾ ᠵᠡᠷᠭᠡ ᠠᠰᠠᠭᠤᠳᠠᠯ ᠤᠨ 43 ᠰᠦᠪᠡᠭᠴᠢ ᠢ ᠭᠤᠣᠯᠳᠠᠯᠭ᠎ᠠ ᠲᠠᠢ | ᠪᠠᠶᠢᠴᠠᠭᠠᠨ ᠰᠢᠢᠳᠪᠦᠷᠢᠯᠡᠵᠦ᠂ 8 ᠶᠢ ᠬᠡᠷᠡᠭ ᠪᠣᠯᠭᠠᠨ ᠳᠠᠩᠰᠠᠯᠠᠵᠤ᠂ 26 ᠬᠥᠮᠥᠨ ᠢ ᠪᠠᠶᠢᠴᠠᠭᠠᠨ ᠰᠢᠢᠳᠪᠦᠷᠢᠯᠡᠪᠡ᠃ ᠭᠤᠣᠯ ᠬᠠᠷᠢᠭᠤᠴᠠᠯᠭᠠᠲᠠᠨ ᠤ ︽ | ᠰᠢᠭᠤᠳ ᠲᠡᠷᠭᠡ︾᠂ ᠦᠢᠯᠡᠴᠢᠯᠡᠭᠡᠨ ᠤ ᠨᠢᠭᠡᠴᠡ ᠶᠢᠨ ︽ᠲᠣᠪᠴᠢᠶᠠᠨ ᠳᠠᠷᠤᠭ᠎ᠠ ᠶᠡᠭᠡ ᠲᠢᠩᠬᠢᠮ ᠳᠤ ᠣᠷᠣᠵᠤ︾ ᠵᠢᠵᠢᠭᠦᠷ ᠳᠠᠭᠠᠭᠤᠯᠬᠤ ᠵᠡᠷᠭᠡ | ᠲᠣᠭᠲᠠᠴᠠ ᠶᠢ ᠪᠠᠶᠢᠭᠤᠯᠵᠤ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠂ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠪᠡ ᠃ | ᠾᠧ ᠬᠠᠢ ᠳ᠋ᠦᠩ ᠬᠡᠯᠡᠭᠰᠡᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠲᠥᠪ ᠤᠨ ᠰᠢᠢᠳᠪᠦᠷᠢᠲᠤ ᠪᠣᠳᠣᠯᠭ᠎ᠠ | ᠪᠠᠶᠢᠷᠢᠯᠠᠭᠤᠯᠤᠯᠲᠠ ᠶᠢ ᠡᠷᠡᠰ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠥᠪ ᠬᠤᠲᠠ ᠶᠠᠭᠤᠨ ᠤ ᠡᠮᠦᠨ᠎ᠡ | ᠲᠦᠷᠦᠭᠦᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠳᠥᠷᠪᠡᠨ ︽ᠲᠦᠷᠦᠭᠦᠯᠡᠬᠦ︾ ᠳᠡᠭᠡᠷ᠎ᠡ ᠭᠤᠣᠯᠳᠠᠯᠭ᠎ᠠ ᠲᠠᠢ ᠲᠠᠰᠤᠷᠠᠯᠲᠠ ᠦᠭᠡᠢ ᠬᠦᠴᠦᠯᠡᠨ᠎ᠡ᠃ | ᠨᠢᠭᠡ ᠳᠤ ᠵᠠᠰᠠᠭ ᠤᠨ ᠶᠠᠪᠤᠳᠠᠯ ᠤᠨ ᠣᠷᠴᠢᠨ ᠨᠦᠬᠦᠴᠡᠯ ᠢ ︽ᠲᠦᠷᠦᠭᠦᠯᠡᠭᠦᠯᠦᠨᠡ︾᠃ ︽ᠦᠢᠯᠡᠴᠢᠯᠡᠭᠡ︾ ︽ᠠᠰᠢᠭᠯᠠᠮᠵᠢ︾ ︽ᠬᠠᠯᠠᠮᠵᠢᠯᠠᠯ︾ | 3 ᠵᠠᠩᠭᠢᠯᠠᠭ᠎ᠠ ᠶᠢᠨ ᠦᠭᠡ ᠶᠢ ᠳᠣᠪᠣᠶᠢᠯᠭᠠᠨ ᠠᠵᠢᠯ ᠢᠶᠠᠨ ᠠᠬᠢᠭᠤᠯᠤᠨ᠎ᠠ᠃ ᠦᠢᠯᠡᠴᠢᠯᠡᠭᠡ᠂ ᠳᠠᠷᠤᠢ ︽ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠠᠵᠤ ᠠᠬᠤᠶᠢᠯᠠᠯ ᠤᠨ ᠦᠨᠡᠯᠡᠯᠲᠡ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠷ ᠪᠠᠷᠢᠮᠵᠢᠶ᠎ᠠ ᠪᠣᠯᠭᠠᠨ | ᠂ ᠶᠠᠷᠰᠢᠭ ᠲᠦᠪᠡᠭ ᠶᠠᠳᠠᠷᠠᠯ ᠵᠦᠳᠡᠷᠡᠯ ᠢ ᠥᠪᠡᠷᠲᠡᠭᠡᠨ ᠠᠮᠰᠠᠭᠰᠠᠨ ᠴᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠣᠯᠠᠨ ᠲᠦᠮᠡᠨ ᠳᠤ ᠳᠥᠭᠦᠮ | ᠲᠥᠳᠡ ᠶᠢ ᠣᠯᠭᠤᠨ᠎ᠠ᠃ ᠠᠰᠢᠭᠯᠠᠮᠵᠢ᠂ ᠳᠠᠷᠤᠢ ᠲᠤᠭ᠎ᠠ ᠪᠠᠷᠢᠮᠲᠠ ᠶᠢ ᠢᠯᠡᠭᠦᠦ ᠭᠦᠶᠦᠯᠭᠡᠵᠦ᠂ ᠺᠠᠳ᠋ᠷ ᠢᠯᠡᠭᠦᠦ ᠶᠠᠪᠤᠵᠤ᠂ ᠣᠯᠠᠨ ᠲᠦᠮᠡᠨ ᠢ ᠭᠦᠶᠦᠯᠭᠡᠬᠦ | ᠦᠭᠡᠢ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠲᠡᠰ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠴᠣᠪᠣᠷᠠᠯ ᠢ ᠲᠠᠬᠢᠨᠲᠠ | ᠪᠠᠶᠢᠭᠤᠯᠤᠨ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠵᠦ᠂ ᠨᠢᠭᠡ ᠴᠣᠩᠬᠤ ᠪᠠᠷ ᠪᠦᠬᠦᠨ ᠢ ᠭᠦᠢᠴᠡᠳᠬᠡᠵᠦ᠂ ᠨᠢᠭᠡ ᠤᠴᠢᠷ ᠢ ᠬᠤᠯᠪᠣᠭᠠᠯᠠᠨ | ᠭᠦᠢᠴᠡᠳᠬᠡᠵᠦ︾᠂ ᠺᠠᠳ᠋ᠷᠴᠤᠳ ᠤᠨ ︽ᠰᠢᠷᠭᠠᠭᠤ ᠬᠥᠳᠡᠯᠮᠦᠷᠢ ᠶᠢᠨ ᠢᠯᠡᠳᠬᠡᠮᠵᠢ ᠲᠤᠭ᠎ᠠ︾ ᠪᠠᠷ ᠠᠵᠤ ᠠᠬᠤᠶᠢᠯᠠᠯ ᠤᠨ ︽ᠬᠥᠭᠵᠢᠯᠲᠡ ᠶᠢᠨ ᠢᠯᠡᠳᠬᠡᠮᠵᠢ | ᠲᠤᠭ᠎ᠠ︾᠂ ᠣᠯᠠᠨ ᠲᠦᠮᠡᠨ ᠤ ︽ᠵᠣᠯ ᠵᠢᠷᠭᠠᠯ ᠤᠨ ᠢᠯᠡᠳᠬᠡᠮᠵᠢ ᠲᠤᠭ᠎ᠠ︾ ᠶᠢ ᠰᠣᠯᠢᠨ᠎ᠠ᠃ ᠬᠠᠯᠠᠮᠵᠢᠯᠠᠯ᠂ ᠳᠠᠷᠤᠢ ᠴᠠᠭ ᠢᠮᠠᠭᠲᠠ ᠠᠵᠤ ᠠᠬᠤᠶᠢᠯᠠᠯ ᠤᠨ | ᠲᠠᠯ᠎ᠠ ᠳᠤ ᠵᠣᠭᠰᠣᠵᠤ᠂ ᠬᠦᠴᠢᠷ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠪᠡᠯᠡ | ᠲᠣᠬᠢᠷᠠᠭᠤᠯᠭ᠎ᠠ ᠶᠢᠨ ᠢᠲᠡᠭᠡᠮᠵᠢ ᠣᠯᠭᠤᠬᠤ ᠦᠢᠯᠡᠴᠢᠯᠡᠭᠡᠨ ᠳᠤ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ︔ ᠤᠰᠤ᠂ ᠴᠠᠬᠢᠯᠭᠠᠨ᠂ ᠲᠣᠣᠷ᠂ ᠬᠡᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠦᠨᠡᠨ | ᠬᠦ ᠴᠢᠩᠭᠠᠳᠬᠠᠵᠤ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠤᠨ᠎ᠠ︔ ᠣᠷᠣᠨ ᠤ ᠲᠥᠪ ᠤᠨ ᠶᠡᠭᠡ ᠳᠡᠭᠡᠳᠦ | ᠰᠤᠷᠭᠠᠭᠤᠯᠢ ᠶᠢᠨ ᠡᠬᠢ ᠪᠠᠶᠠᠯᠢᠭ ᠲᠤ ᠲᠦᠰᠢᠭᠯᠡᠨ᠂ ᠴᠢᠳᠠᠪᠤᠷᠢᠲᠠᠨ ᠤ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠬᠥᠮᠦᠨ | ᠬᠡᠷᠡᠭᠯᠡᠬᠦᠳᠤ ᠵᠠᠭᠤᠴᠢ ᠪᠣᠯᠤᠨ᠎ᠠ᠃ | ᠬᠤᠶᠠᠷ ᠲᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ︽ᠲᠦᠷᠦᠭᠦᠯᠡᠭᠦᠯᠦᠨᠡ︾᠃ ︽ᠢᠲᠡᠭᠡᠯ ᠲᠠᠢ︾ ︽ᠵᠠᠬ᠎ᠠ ᠬᠢᠵᠠᠭᠠᠷ ᠲᠠᠢ︾ ︽ᠬᠢᠨᠠᠯᠲᠠ | ᠬᠠᠮᠢᠶᠠᠷᠤᠯᠲᠠ ᠲᠠᠢ︾ 3 ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃ ᠢᠲᠡᠭᠡᠯ ᠲᠠᠢ᠂ ᠳᠠᠷᠤᠢ ᠦᠭᠡᠨ ᠳᠡᠭᠡᠨ ᠡᠵᠡᠨ ᠰᠠᠭᠤᠳᠠᠭ ᠵᠠᠰᠠᠭ ᠤᠨ ᠣᠷᠳᠣᠨ ᠢ | ᠪᠠᠶᠢᠭᠤᠯᠤᠨ᠎ᠠ᠃ ᠬᠤᠭᠤᠰᠤᠨ ᠦᠭᠡ ᠬᠡᠯᠡᠬᠦ ᠦᠭᠡᠢ᠂ ᠥᠴᠥᠬᠡᠨ ᠴᠦ ᠬᠠᠰᠤᠬᠤ ᠦᠭᠡᠢ᠂ ᠵᠠᠰᠠᠭ ᠤᠨ ᠣᠷᠳᠣᠨ ᠤ ᠪᠡᠶᠡᠯᠡᠭᠦᠯᠦᠭᠡ ᠦᠭᠡᠢ ᠠᠮᠠᠯᠠᠯᠲᠠ ᠶᠢ | ᠪᠦᠬᠦ ᠲᠠᠯ᠎ᠠ ᠪᠠᠷ ᠰᠢᠭᠰᠢᠨ ᠪᠠᠶᠢᠴᠠᠭᠠᠵᠤ᠂ ᠵᠦᠢ ᠵᠣᠬᠢᠰᠲᠠᠢ ᠬᠠᠤᠯᠢ ᠶᠣᠰᠣᠨ ᠳᠤ ᠨᠡᠶᠢᠴᠡᠬᠦ ᠶᠢ ︽ᠤᠷᠢᠳᠠᠪᠠᠷ ᠪᠤᠷᠤᠭᠤ ᠬᠦᠯᠢᠶᠡᠨ᠂ ᠳᠠᠷᠠᠭ᠎ᠠ ᠨᠢ | ᠪᠣᠳᠠᠲᠠᠶᠢᠵᠢᠭᠤᠯᠵᠤ︾᠂ ᠪᠣᠳᠠᠲᠠᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠦᠭᠡᠢ ᠶᠢ ᠰᠠᠶᠢᠬᠠᠨ ᠲᠠᠶᠢᠯᠪᠤᠷᠢᠯᠠᠵᠤ᠂ ᠵᠠᠰᠠᠭ ᠤᠨ ᠣᠷᠳᠣᠨ ᠤ | ᠢᠲᠡᠭᠡᠮᠵᠢ ᠪᠠᠷ ᠠᠵᠤ ᠠᠬᠤᠶᠢᠯᠠᠯ ᠤᠨ ᠢᠲᠡᠭᠡᠯ ᠢ ᠰᠣᠯᠢᠨ᠎ᠠ᠃ ᠵᠠᠬ᠎ᠠ ᠬᠢᠵᠠᠭᠠᠷ ᠲᠠᠢ᠂ ᠳᠠᠷᠤᠢ ︽ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ | ᠵᠠᠪᠠᠯ ᠭᠦᠢᠴᠡᠳᠬᠡᠵᠦ᠂ ᠬᠠᠤᠯᠢ ᠪᠠᠷ ᠡᠷᠬᠡ ᠣᠯᠭᠤᠭᠰᠠᠨ ᠦᠭᠡᠢ ᠶᠢ ᠬᠢᠬᠦ ᠦᠭᠡᠢ︾ ᠵᠠᠬ᠎ᠠ ᠬᠢᠵᠠᠭᠠᠷ ᠢ ᠰᠠᠶᠢᠨ ᠰᠠᠬᠢᠨ᠎ᠠ᠃ ᠬᠠᠤᠯᠢ ᠪᠠᠷ ᠵᠠᠰᠠᠬᠤ ᠤᠬᠠᠮᠰᠠᠷ᠂ | ᠵᠠᠬ᠎ᠠ ᠬᠢᠵᠠᠭᠠᠷ ᠤᠨ ᠤᠬᠠᠮᠰᠠᠷ ᠢᠶᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠵᠠᠬ᠎ᠠ | ᠳᠡᠯᠭᠡᠭᠦᠷ ᠲᠤ ᠲᠤᠰᠢᠶᠠᠵᠤ ᠪᠣᠯᠬᠤ ᠶᠢ ᠪᠦᠬᠦᠨ ᠢ ᠵᠠᠬ᠎ᠠ ᠳᠡᠯᠭᠡᠭᠦᠷ ᠲᠤ ᠲᠤᠰᠢᠶᠠᠨ ᠥᠭᠭᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠰᠠᠭᠤᠷᠢ | ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠢᠨᠵᠧᠨᠧᠷᠢᠩ ᠳᠤ᠂ ᠵᠠᠪᠠᠯ ︽ᠤᠷᠢᠳᠠᠪᠠᠷ ᠵᠠᠷᠯᠠᠵᠤ᠂ ᠳᠠᠷᠠᠭ᠎ᠠ ᠨᠢ ᠭᠡᠷ᠎ᠡ ᠪᠠᠨ ᠭᠦᠢᠴᠡᠳᠬᠡᠵᠦ︾ | ᠂ ᠭᠡᠷᠡᠴᠢᠯᠡᠭᠡ ᠰᠣᠨᠣᠰᠬᠤ ᠬᠤᠷᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠶᠢᠨ ᠤᠴᠢᠷ ᠢ ᠦᠨᠡᠨᠬᠦ ᠰᠠᠶᠢᠬᠠᠨ ᠬᠢᠨ᠎ᠡ᠃ ᠬᠢᠨᠠᠯᠲᠠ ᠬᠠᠮᠢᠶᠠᠷᠤᠯᠲᠠ ᠲᠠᠢ᠂ | ᠳᠠᠷᠤᠢ ︽ᠤᠴᠢᠷ ᠦᠭᠡᠢ ᠪᠣᠯ ᠦᠢᠮᠡᠭᠦᠯᠬᠦ ᠦᠭᠡᠢ︾ ᠬᠥᠭᠵᠢᠯᠲᠡ ᠶᠢᠨ ᠣᠷᠴᠢᠨ ᠨᠥᠬᠦᠴᠡᠯ ᠢ ᠪᠣᠢ ᠪᠣᠯᠭᠠᠨ᠎ᠠ᠃ ︽ᠬᠤᠶᠠᠷ ᠢ ᠰᠣᠭᠤᠴᠢᠨ ᠨᠢᠭᠡ ᠶᠢ ᠢᠯᠡ | ᠪᠣᠯᠭᠠᠬᠤ︾᠂ ᠶᠡᠭᠡ ᠥᠭᠭᠦᠭᠳᠡᠯ ᠵᠡᠷᠭᠡ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠴᠢᠷ | ᠶᠠᠪᠤᠳᠠᠯ ᠤᠨ ᠡᠮᠦᠨ᠎ᠡ ᠢᠲᠡᠭᠡᠮᠵᠢ ᠶᠢᠨ ᠠᠮᠠᠯᠠᠯᠲᠠ ᠬᠢᠬᠦ᠂ ᠤᠴᠢᠷ ᠶᠠᠪᠤᠳᠠᠯ ᠤᠨ ᠳᠤᠮᠳᠠ ᠲᠥᠷᠥᠯ ᠬᠤᠪᠢᠶᠠᠨ ᠬᠢᠨᠠᠨ ᠬᠠᠮᠢᠶᠠᠷᠬᠤ᠂ ᠤᠴᠢᠷ ᠶᠠᠪᠤᠳᠠᠯ ᠤᠨ | ᠳᠠᠷᠠᠭ᠎ᠠ ᠢᠲᠡᠭᠡᠮᠵᠢ ᠶᠢᠨ ᠬᠥᠬᠢᠭᠦᠯᠦᠯ ᠵᠠᠯᠬᠠᠭᠠᠯ ᠬᠢᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ | ᠂ ᠠᠵᠤ ᠠᠬᠤᠶᠢᠯᠠᠯ ᠢ ᠳᠤᠲᠠᠭᠤ ᠦᠢᠮᠡᠭᠦᠯᠦᠨᠡ᠃ | ᠭᠤᠷᠪᠠ ᠳᠤ᠂ ᠬᠠᠤᠯᠢ ᠪᠠᠷ ᠵᠠᠰᠠᠬᠤ ᠣᠷᠴᠢᠨ ᠨᠥᠬᠦᠴᠡᠯ ᠢ ︽ᠲᠦᠷᠦᠭᠦᠯᠡᠭᠦᠯᠦᠨᠡ︾᠃ ᠬᠠᠤᠯᠢ ᠴᠠᠭᠠᠵᠠ ᠳᠦᠷᠢᠮ ᠲᠣᠭᠲᠠᠭᠠᠯ ᠤᠨ ᠵᠠᠷᠴᠢᠮ ᠢ | ᠪᠠᠷᠢᠮᠲᠠᠯᠠᠵᠤ᠂ ︽ᠬᠤᠲᠠ ᠶᠢᠨ ᠳᠠᠷᠤᠭ᠎ᠠ ᠶᠢ ᠡᠷᠢᠬᠦ︾ ᠠᠴᠠ ︽ᠵᠠᠬ᠎ᠠ ᠳᠡᠯᠭᠡᠭᠦᠷ ᠢ ᠡᠷᠢᠬᠦ︾ ᠵᠦᠭ ᠲᠤ ᠬᠤᠪᠢᠷᠠᠭᠤᠯᠵᠤ᠂ ︽ᠠᠷᠭ᠎ᠠ ᠵᠠᠮ ᠡᠷᠢᠬᠦ︾ ᠠᠴᠠ | ︽ᠲᠥᠷᠥ ᠶᠢᠨ ᠪᠣᠳᠣᠯᠭ᠎ᠠ ᠡᠷᠢᠬᠦ︾ ᠵᠦᠭ ᠲᠤ ᠬᠤᠪᠢᠷᠠᠭᠤᠯᠵᠤ᠂ ︽ᠲᠦᠰᠢᠭ ᠲᠤᠯᠭᠠᠭᠤᠷᠢ ᠡᠷᠢᠬᠦ︾ ᠠᠴᠠ ︽ᠬᠠᠤᠯᠢ ᠪᠠᠷ ᠵᠠᠰᠠᠬᠤ ᠶᠢ ᠡᠷᠢᠬᠦ︾ | ᠵᠦᠭ ᠲᠤ ᠬᠤᠪᠢᠷᠠᠭᠤᠯᠵᠤ᠂ ︽ᠬᠠᠤᠯᠢ ᠶᠣᠰᠣᠭᠠᠷ ᠬᠠᠮᠠᠭᠠᠯᠠᠬᠤ︾ ᠪᠠ ︽ᠬᠠᠤᠯᠢ ᠶᠣᠰᠣᠭᠠᠷ ᠴᠣᠬᠢᠯᠲᠠ ᠥᠭᠬᠦ︾ 2 ᠵᠦᠢᠯ ᠤᠨ ᠠᠵᠢᠯ ᠢ ᠦᠨᠡᠨᠬᠦ ᠰᠠᠶᠢᠨ | ᠠᠳᠬᠤᠨ᠎ᠠ᠃ ᠬᠠᠤᠯᠢ ᠶᠣᠰᠣᠭᠠᠷ ᠬᠠᠮᠠᠭᠠᠯᠠᠬᠤ᠂ ᠨᠢᠭᠡ ᠲᠠᠯ᠎ᠠ ᠪᠠᠷ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠨ᠎ᠠ᠂ ᠠᠵᠤ ᠠᠬᠤᠶᠢᠯᠠᠯ ᠤᠨ ᠪᠡᠯᠡ | ᠣᠷᠣᠭᠤᠯᠬᠤ ᠪᠠ ᠬᠥᠭᠵᠢᠯᠲᠡ ᠶᠢᠨ ᠠᠶᠤᠯᠭᠦᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠪᠠ ᠠᠵᠤ | ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ︔ ᠨᠥᠭᠦᠭᠡ ᠲᠠᠯ᠎ᠠ ᠪᠠᠷ᠂ ᠥᠮᠴᠢ ᠶᠢᠨ ᠡᠷᠬᠡ ᠶᠢ | ᠬᠠᠮᠠᠭᠠᠯᠠᠬᠤ ᠶᠢ ᠴᠢᠩᠭᠠᠳᠬᠠᠵᠤ᠂ ᠪᠠᠶᠢᠭᠤᠯᠤᠯ ᠲᠣᠭᠲᠠᠴᠠ ᠪᠠᠷ ᠳᠠᠮᠵᠢᠭᠤᠯᠤᠨ ᠥᠮᠴᠢ ᠶᠢᠨ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠳᠬᠠᠵᠤ᠂ | ᠥᠮᠴᠢᠯᠡᠯ ᠤᠨ ᠡᠷᠬᠡ ᠶᠢᠨ ᠬᠠᠮᠢᠶᠠᠷᠤᠯᠲᠠ ᠦᠢᠯᠡᠴᠢᠯᠡᠭᠡ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠬᠠᠤᠯᠢ ᠶᠣᠰᠣᠭᠠᠷ ᠴᠣᠬᠢᠯᠲᠠ ᠥᠭᠬᠦ᠂ | ᠨᠢᠭᠡ ᠲᠠᠯ᠎ᠠ ᠪᠠᠷ᠂ ᠴᠣᠬᠢᠯᠲᠠ ᠥᠭᠬᠦ ᠲᠥᠪ ᠴᠢᠩᠭ᠎ᠠ ᠴᠢᠨᠠᠷ ᠢ ᠳᠣᠪᠣᠶᠢᠯᠭᠠᠨ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ᠂ ᠠᠯᠪᠠᠳᠠᠨ | ᠬᠤᠳᠠᠯᠳᠤᠭᠠᠯᠠᠬᠤ᠂ ᠮᠡᠬᠡᠯᠡᠯ ᠳᠠᠮᠵᠢᠨ ᠪᠤᠷᠤᠯᠠᠭᠤᠯᠭ᠎ᠠ᠂ ᠭᠠᠭᠴᠠᠭᠠᠷ ᠡᠵᠡᠮᠰᠢᠨ ᠡᠵᠡᠩᠨᠡᠬᠦ ᠵᠢᠴᠢ ᠠᠵᠤ ᠠᠬᠤᠶᠢᠯᠠᠯ ᠳᠤ ᠬᠤᠯᠪᠣᠭᠳᠠᠭᠰᠠᠨ ᠬᠠᠷ᠎ᠠ ᠪᠦᠯᠦᠭᠲᠡᠨ | ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠨᠥᠭᠦᠭᠡ ᠲᠠᠯ᠎ᠠ ᠪᠠᠷ᠂ ᠬᠠᠤᠯᠢ ᠬᠡᠷᠡᠭᠵᠢᠭᠦᠯᠬᠦ ᠳᠤ ᠨᠢᠩᠵᠢᠨ ᠰᠡᠳᠬᠢᠯ ᠢ | ᠳᠣᠪᠣᠶᠢᠯᠭᠠᠨ᠂ ᠬᠠᠤᠯᠢ ᠶᠢ ᠬᠠᠲᠠᠭᠤ ᠬᠡᠷᠡᠭᠵᠢᠭᠦᠯᠬᠦ ᠳᠡᠭᠡᠨ ᠬᠡᠯᠡᠵᠦ ᠬᠥᠮᠥᠵᠢᠭᠦᠯᠬᠦ᠂ ᠢᠳᠬᠠᠵᠤ ᠵᠢᠱᠢᠶᠡᠯᠡᠬᠦ ᠵᠡᠷᠭᠡ ᠠᠯᠪᠠᠳᠠᠯᠭ᠎ᠠ ᠶᠢᠨ ᠪᠤᠰᠤ ᠠᠷᠭ᠎ᠠ ᠬᠡᠮᠵᠢᠶ᠎ᠡ | ᠶᠢ ᠲᠡᠯᠭᠡᠷᠡᠭᠦᠯᠦᠨ ᠬᠡᠷᠡᠭᠵᠢᠭᠦᠯᠵᠦ᠂ ᠬᠠᠤᠯᠢ ᠶᠣᠰᠣᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠢᠴᠢᠶᠡᠩᠭᠦᠢ ᠬᠡᠷᠡᠭᠯᠡᠵᠦ᠂ ᠬᠠᠳᠠᠨ ᠴᠢᠨᠠᠷ ᠲᠠᠢ ᠬᠠᠤᠯᠢ | ᠬᠡᠷᠡᠭᠵᠢᠭᠦᠯᠬᠦ ᠪᠣᠯᠣᠨ ᠤᠶᠠᠨ ᠴᠢᠨᠠᠷ ᠲᠠᠢ ᠬᠠᠤᠯᠢ ᠬᠡᠷᠡᠭᠵᠢᠭᠦᠯᠬᠦ ᠶᠢ ᠤᠷᠭᠠᠨᠢᠭ ᠢᠶᠠᠷ ᠨᠢᠭᠡᠳᠦᠭᠦᠯᠦᠨ᠂ ᠬᠠᠤᠯᠢ ᠪᠠᠷᠢᠬᠤ ᠪᠠᠷᠢᠮᠵᠢᠶ᠎ᠠ ᠪᠠ ᠬᠠᠤᠯᠢ ᠬᠡᠷᠡᠭᠵᠢᠭᠦᠯᠬᠦ | ᠳᠤᠯᠠᠭᠠᠨ ᠢ ᠬᠠᠷᠠᠭᠤᠯᠤᠨ᠎ᠠ᠃ | ᠳᠥᠷᠪᠡ ᠳᠤ᠂ ᠺᠠᠳ᠋ᠷᠴᠤᠳ ᠤᠨ ᠰᠤᠷᠲᠠᠯ ᠢ ︽ᠲᠦᠷᠦᠭᠦᠯᠡᠭᠦᠯᠦᠨᠡ︾᠃ ᠬᠠᠮᠤᠭ ᠤᠨ ᠰᠠᠶᠢᠨ ᠤ ᠪᠠᠷᠢᠮᠵᠢᠶ᠎ᠠ ᠶᠢ ᠪᠠᠷᠢᠮᠲᠠᠯᠠᠵᠤ᠂ ︽ᠥᠪᠡᠷ ᠠᠴᠠ ᠪᠠᠨ | ᠡᠬᠢᠯᠡᠨ ᠤᠯᠤᠰ ᠲᠥᠷᠥ ᠶᠢ ᠡᠷᠬᠢᠮᠯᠡᠬᠦ᠂ ᠬᠠᠮᠢᠭ᠎ᠠ ᠴᠦ ᠭᠡᠰᠡᠨ ᠲᠡᠷᠢᠭᠦᠨ ᠢ ᠲᠡᠮᠡᠴᠡᠬᠦ᠂ ᠬᠥᠮᠥᠨ ᠪᠦᠬᠦᠨ ︿ᠨᠡᠷ᠎ᠡ ᠶᠢᠨ ᠬᠠᠭᠤᠳᠠᠰᠤ﹀ ᠶᠢ ᠴᠢᠮᠡᠬᠦ︾ 3 | ᠲᠠᠯ᠎ᠠ ᠪᠠᠷ᠂ ᠲᠥᠪ ᠬᠤᠲᠠ ᠶᠢᠨ ᠺᠠᠳ᠋ᠷᠴᠤᠳ ᠤᠨ ᠰᠤᠷᠲᠠᠯ ᠤᠨ ᠬᠤᠪᠢᠷᠠᠯᠲᠠ ᠶᠢ ᠴᠢᠩᠭ᠎ᠠ ᠪᠥᠭᠡᠳ ᠪᠣᠳᠠᠲᠠᠢ ᠠᠬᠢᠭᠤᠯᠤᠨ᠎ᠠ᠃ ᠥᠪᠡᠷ ᠠᠴᠠ ᠪᠠᠨ ᠡᠬᠢᠯᠡᠨ | ᠤᠯᠤᠰ ᠲᠥᠷᠥ ᠶᠢ ᠡᠷᠬᠢᠮᠯᠡᠬᠦ᠂ ᠴᠠᠭ ᠢᠮᠠᠭᠲᠠ ᠤᠯᠤᠰ ᠲᠥᠷᠥ ᠶᠢ ᠡᠷᠬᠢᠮᠯᠡᠬᠦ᠂ ᠪᠠᠭ᠎ᠠ ᠰᠠᠭ᠎ᠠ ᠤᠴᠢᠷ ᠠᠴᠠ ᠵᠣᠭᠰᠣᠴᠠ ᠶᠢ ᠡᠷᠬᠢᠮᠯᠡᠬᠦ ᠵᠥᠪ ᠣᠨᠣᠪᠴᠢᠲᠠᠢ | ᠤᠳᠤᠷᠢᠳᠤᠮᠵᠢ ᠶᠢ ᠶᠡᠬᠡᠪᠡᠷ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠤᠭᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠳᠡᠭᠡᠷ᠎ᠡ | ᠨᠢ ᠲᠥᠷᠥ ᠶᠢᠨ ᠪᠣᠳᠣᠯᠭ᠎ᠠ ᠪᠠᠶᠢᠪᠠᠯ ᠳᠣᠣᠷ᠎ᠠ ᠨᠢ ᠠᠷᠭᠠᠴᠠᠭᠠᠬᠤ ᠠᠷᠭ᠎ᠠ ᠪᠠᠶᠢᠬᠤ ᠶᠢ ᠲᠠᠰᠤ ᠬᠤᠷᠢᠭᠯᠠᠵᠤ᠂ ᠬᠤᠪᠢᠷᠠᠭᠤᠯᠬᠤ᠂ ᠰᠣᠩᠭᠤᠯᠲᠠ ᠬᠢᠬᠦ᠂ | ᠬᠠᠰᠤᠬᠤ ᠶᠢ ᠲᠠᠰᠤ ᠬᠤᠷᠢᠭᠯᠠᠨ᠎ᠠ᠃ ᠬᠠᠮᠢᠭ᠎ᠠ ᠴᠦ ᠭᠡᠰᠡᠨ ᠲᠡᠷᠢᠭᠦᠨ ᠢ ᠲᠡᠮᠡᠴᠡᠬᠦ᠂ ᠲᠥᠪ ᠬᠤᠲᠠ ᠶᠢᠨ ᠤᠬᠠᠮᠰᠠᠷ᠂ ᠬᠠᠮᠤᠭ ᠤᠨ ᠰᠠᠶᠢᠨ ᠤ ᠤᠬᠠᠮᠰᠠᠷ ᠢ | ᠪᠠᠬᠢᠵᠢᠭᠦᠯᠵᠦ᠂ ︽ᠠᠵᠢᠯ ᠳᠠᠭᠠᠨ ᠲᠡᠷᠢᠭᠦᠨ ᠢ ᠲᠡᠮᠡᠴᠡᠬᠦ᠂ ᠦᠢᠯᠡᠴᠢᠯᠡᠭᠡ ᠳᠤ ᠲᠡᠷᠢᠭᠦᠨ ᠢ ᠲᠡᠮᠡᠴᠡᠬᠦ᠂ ᠠᠵᠢᠯ ᠤᠨ ᠬᠢᠷᠢ ᠪᠦᠲᠦᠮᠵᠢ ᠳᠡᠭᠡᠨ ᠲᠡᠷᠢᠭᠦᠨ ᠢ | ᠲᠡᠮᠡᠴᠡᠬᠦ︾ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ︽ᠲᠡᠷᠢᠭᠦᠨ ᠤ ᠬᠢ ᠲᠠᠢ ᠬᠠᠷᠢᠴᠠᠭᠤᠯᠵᠤ᠂ ᠲᠡᠷᠢᠭᠦᠨ ᠢ ᠲᠡᠮᠡᠴᠡᠬᠦ︾ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠤᠨ ᠪᠠᠶᠢᠳᠠᠯ ᠢ ︽ᠶᠠᠭᠠᠷᠠᠭᠤᠯᠵᠤ ᠬᠢᠯᠭᠡᠬᠦ︾ ᠠᠴᠠ ︽ᠪᠤᠯᠢᠶᠠᠯᠳᠤᠵᠤ ᠬᠢᠬᠦ︾ ︽ᠰᠢᠬᠠᠵᠤ ᠬᠢᠯᠭᠡᠬᠦ︾ ᠠᠴᠠ ︽ | ᠠᠮᠵᠢᠵᠤ ᠬᠢᠬᠦ︾ ︽ᠠᠳᠠᠯᠢᠳᠬᠠᠵᠤ ᠬᠢᠬᠦ︾ ᠲᠡᠶᠢᠰᠢ ᠠᠬᠢᠭᠤᠯᠤᠨ᠎ᠠ᠃ ᠬᠥᠮᠥᠨ ᠪᠦᠬᠦᠨ ︿ᠨᠡᠷ᠎ᠡ ᠶᠢᠨ ᠬᠠᠭᠤᠳᠠᠰᠤ﹀ ᠶᠢ ᠴᠢᠮᠡᠬᠦ᠂ ᠪᠦᠬᠦ ᠬᠤᠲᠠ ᠶᠢᠨ | ᠺᠠᠳ᠋ᠷᠴᠤᠳ ᠢ ᠳᠠᠶᠢᠴᠢᠯᠠᠨ ︽ᠬᠥᠮᠥᠨ ᠪᠦᠬᠦᠨ ᠪᠦᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠭᠠᠵᠠᠷ ᠪᠣᠯᠭᠠᠨ ᠪᠦᠷ ᠠᠵᠢᠯ ᠤᠨ ᠴᠣᠩᠬᠤ᠂ ᠬᠦᠮᠦᠨ | ᠪᠣᠯᠭᠠᠨ ᠪᠦᠷ ᠲᠥᠪ ᠬᠤᠲᠠ ᠶᠢᠨ ᠳᠦᠷᠢ ᠲᠥᠷᠬᠦ︾ ᠪᠣᠯᠬᠤ ᠤᠬᠠᠮᠰᠠᠷ ᠢ ᠪᠤᠢ ᠪᠣᠯᠭᠠᠵᠤ᠂ ᠬᠠᠮᠲᠤ ᠪᠠᠷ ᠲᠥᠪ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠨᠢᠭᠲᠠᠷᠠᠭᠤᠯᠤᠨ᠎ᠠ᠃ |