ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/23
ᠸᠠᠩ ᠯᠢ ᠰᠢᠶᠠ ᠡᠷᠬᠢᠯᠡᠪᠡ      ︵ᠰᠤᠷᠪᠤᠯᠵᠢᠯᠠᠭᠴᠢ ᠹᠧᠩ ᠶᠠᠨ ᠫᠢᠩ︶ 3 ᠳ᠋ᠤᠭᠠᠷ ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠵᠤ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠶᠢᠰᠦᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠂ ᠪᠦᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠤᠴᠢᠷ ᠢ ᠰᠢᠢᠳᠪᠦᠷᠢᠯᠡᠭᠰᠡᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠡᠷᠬᠢᠯᠡᠨ ᠬᠤᠷᠠᠯᠳᠤᠭᠤᠯᠤᠭᠰᠠᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠶᠢᠰᠦᠳᠦᠭᠡᠷ ᠤᠳᠠᠭ᠎ᠠ ᠶᠢᠨ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠳᠡᠭᠡᠷ᠎ᠡ ᠦᠨᠡᠨᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠭᠤᠶᠢᠪᠢᠰᠢ ᠦᠭᠡᠢ ᠰᠠᠶᠢᠨ ᠠᠳᠬᠤᠬᠤ ᠬᠡᠷᠡᠭᠲᠡᠢ ᠃ ᠲᠥᠪ ᠬᠤᠲᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂  ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ᠂ ᠣᠯᠠᠨ ᠢᠶᠠᠷ ᠢᠶᠠᠨ ᠦᠢᠯᠡᠰ ᠪᠣᠰᠬᠠᠬᠤ ᠣᠷᠣᠨ ᠵᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠪᠴᠠᠩᠲᠤ ᠠᠵᠤ ᠠᠬᠤᠢ ᠶᠢᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠲᠣᠭᠠᠴᠢᠯᠠᠬᠤ ᠳᠡᠭᠡᠷ᠎ᠡ ᠠᠷᠭ᠎ᠠ ᠪᠣᠳᠣᠯᠭ᠎ᠠ ᠭᠠᠷᠭᠠᠨ ᠪᠠᠶᠢᠷᠢᠯᠠᠭᠤᠯᠤᠯᠲᠠ ᠬᠢᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠲᠥᠪ ᠤᠨ ᠳᠤᠷᠠᠳᠤᠭᠰᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠢᠭᠡᠳᠦᠯᠲᠡᠢ ᠪᠠᠶᠢᠷᠢᠯᠠᠭᠤᠯᠤᠨ ᠲᠤᠰᠬᠠᠢ ᠲᠥᠷᠥᠯ ᠢᠶᠠᠷ ᠲᠦᠯᠬᠢᠨ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢ ᠥᠷᠨᠢᠭᠦᠯᠬᠦ ᠪᠣᠯ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠨᠠᠮ ᠪᠠ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠥᠨᠳᠦᠷᠴᠡ ᠠᠴᠠ ᠬᠢᠭᠰᠡᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠬᠦᠷᠢᠶᠡᠯᠡᠬᠦ︾ ᠥᠨᠳᠥᠷ ᠲᠤ ᠵᠣᠭᠰᠣᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠭᠤᠶᠢᠪᠢᠰᠢ ᠦᠭᠡᠢ ᠰᠠᠶᠢᠨ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠠᠶᠢᠨ ᠰᠢᠢᠳᠪᠦᠷᠢᠯᠡᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠰᠢᠢᠳᠪᠦᠷᠢᠯᠡᠬᠦ ᠨᠣᠷᠮ᠎ᠠ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠨᠠᠷᠢᠨ ᠬᠢᠨᠠᠮᠠᠭᠠᠢ ᠡᠮᠬᠢᠯᠡᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠬᠤᠷᠳᠤᠴᠠ ᠪᠠᠨ ᠲᠦᠷᠭᠡᠳᠬᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠪᠣᠳᠠᠲᠠᠢ ᠠᠷᠭ᠎ᠠ ᠬᠡᠮᠵᠢᠶ᠎ᠡ︾ ᠶᠢ ᠰᠤᠳᠤᠯᠤᠨ ᠬᠢᠨᠠᠨ ᠵᠥᠪᠯᠡᠭᠰᠡᠨ ᠪᠥᠭᠡᠳ ᠪᠤᠰᠤᠳ ᠤᠴᠢᠷ ᠶᠠᠪᠤᠳᠠᠯ ᠢ ᠰᠤᠳᠤᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号