︽ᠲᠡᠦᠬᠡ ᠰᠣᠶᠣᠯ ᠤᠨ ᠨᠡᠷᠡᠲᠦ ᠬᠤᠲᠠ  — ᠬᠥᠬᠡᠬᠤᠲᠠ︾ ᠶᠢ ᠨᠠᠶᠢᠷᠠᠭᠤᠯᠬᠤ ᠠᠵᠢᠯ ᠳᠠᠭᠤᠰᠪᠠ
ᠨᠡᠶᠢᠲᠡᠯᠡᠭᠰᠡᠨ ᠴᠠᠭ᠄
2021/3/23
      ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠰᠡᠳᠦᠨ ᠤᠬᠠᠭᠠᠯᠠᠵᠤ᠂ 16 ᠰᠣᠶᠣᠯ ᠲᠡᠦᠬᠡ ᠶᠢᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠠᠭᠠᠰ ᠵᠢᠯ ᠤᠨ ᠬᠤᠭᠤᠴᠠᠭ᠎ᠠ ᠲᠠᠢ ᠶᠠᠪᠤᠭᠳᠠᠭᠤᠯᠤᠭᠰᠠᠨ ᠣᠷᠣᠨ ᠨᠤᠲᠤᠭ ᠤᠨ ᠲᠡᠦᠬᠡ ᠣᠶᠢᠯᠠᠯᠭ᠎ᠠ ᠶᠢᠨ ᠲᠥᠷᠥᠯ ᠤᠨ ᠨᠣᠮ ᠪᠢᠴᠢᠭ ᠪᠣᠯᠬᠤ  ︽ᠲᠡᠦᠬᠡ ᠰᠣᠶᠣᠯ ᠤᠨ ᠨᠡᠷᠡᠲᠦ ᠬᠤᠲᠠ - ᠬᠥᠬᠡᠬᠤᠲᠠ︾ ᠶᠢ ᠨᠠᠶᠢᠷᠠᠭᠤᠯᠬᠤ ᠠᠵᠢᠯ ᠣᠳᠣᠬᠠᠨ ᠳᠤ ᠨᠢᠭᠡᠨᠲᠡ ᠪᠦᠬᠦᠨ ᠢᠶᠠᠷ ᠢᠶᠠᠨ ᠳᠠᠭᠤᠰᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂  ︽ᠲᠡᠦᠬᠡ ᠰᠣᠶᠣᠯ ᠤᠨ ᠨᠡᠷᠡᠲᠦ ᠬᠤᠲᠠ — ᠬᠥᠬᠡᠬᠤᠲᠠ︾ ᠨᠢ 10 ᠲᠦᠮᠡᠨ ᠦᠰᠦᠭ ᠲᠠᠢ᠂ 1250 ᠵᠢᠷᠤᠭ ᠰᠣᠩᠭᠤᠨ ᠣᠷᠣᠭᠤᠯᠵᠤ᠂ ᠪᠠᠯᠠᠷ ᠡᠷᠲᠡᠨ ᠤ ᠰᠣᠶᠣᠯ᠂ ᠬᠦᠷᠡᠯ ᠵᠡᠪᠰᠡᠭ ᠤᠨ ᠦᠶ᠎ᠡ᠂ ᠪᠠᠶᠢᠯᠳᠤᠭᠠᠨᠲᠤ ᠤᠯᠤᠰ ᠴᠢᠨ ᠬᠠᠨ ᠤ ᠦᠶ᠎ᠡ᠂ ᠸᠧᠢ ᠤᠯᠤᠰ ᠤᠨ ᠡᠮᠦᠨᠡᠲᠦ ᠤᠮᠠᠷᠠᠲᠤ ᠲᠥᠷᠥ ᠶᠢᠨ ᠦᠶ᠎ᠡ᠂ ᠰᠦᠢ ᠲᠠᠩ ᠤᠨ ᠦᠶ᠎ᠡ᠂ ᠯᠢᠶᠥᠥ ᠤᠯᠤᠰ ᠠᠯᠲᠠᠨ ᠤᠯᠤᠰ ᠶᠤᠸᠠᠨ ᠤᠯᠤᠰ ᠤᠨ ᠦᠶ᠎ᠡ᠂ ᠮᠢᠩ ᠴᠢᠩ ᠤᠨ ᠦᠶ᠎ᠡ᠂ ᠣᠷᠴᠢᠨ ᠣᠳᠣ ᠦᠶ᠎ᠡ ᠶᠢᠨ ᠬᠠᠭᠤᠴᠢ ᠪᠠᠭᠤᠷᠢ ᠵᠡᠷᠭᠡ 8 ᠬᠠᠭᠤᠳᠠᠰᠤ 21 ᠪᠦᠯᠦᠭ ᠢᠶᠠᠷ ᠪᠦᠷᠢᠯᠳᠦᠪᠡ᠃ ᠲᠤᠰ ᠨᠣᠮ ᠨᠢ ᠬᠥᠬᠡᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ ᠢᠶᠠᠷ ᠭᠤᠣᠯ ᠱᠤᠭᠤᠮ ᠪᠣᠯᠭᠠᠨ᠂ ᠠᠳᠠᠯᠢ ᠪᠤᠰᠤ ᠴᠠᠭ ᠦᠶ᠎ᠡ ᠶᠢᠨ ᠲᠥᠯᠥᠭᠡᠯᠡᠬᠦ ᠴᠢᠨᠠᠷᠲᠠᠢ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠲᠤᠯᠭᠠᠭᠤᠷᠢ ᠪᠣᠯᠭᠠᠵᠤ᠂ ᠥᠩᠭᠡᠷᠡᠭᠰᠡᠨ ᠵᠢᠯ ᠤᠳ ᠤᠨ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠢᠯᠡᠷᠡᠭᠦᠯᠦᠭᠰᠡᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠬᠥᠬᠡᠬᠤᠲᠠ ᠶᠢᠨ ︽ᠳ᠋ᠠ ᠶᠣᠣ ᠶᠢᠨ ᠰᠣᠶᠣᠯ︾ ᠤᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠰᠣᠶᠣᠯ ᠤᠨ ᠦᠯᠡᠳᠡᠭᠳᠡᠯ ᠠᠴᠠ ᠮᠢᠩ ᠴᠢᠩ ᠤᠨ ᠦᠶ᠎ᠡ ᠳᠠᠬᠢ ᠭᠦᠢ ᠰᠦᠢ ᠣᠷᠣᠨ ᠵᠢᠴᠢ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠲᠡᠮᠡᠴᠡᠯ ᠤᠨ ᠢᠯᠠᠯᠲᠠ ᠣᠯᠣᠭᠰᠠᠨ ᠬᠦᠷᠲᠡᠯᠡᠬᠢ ᠶᠢ ᠪᠠᠭᠲᠠᠭᠠᠵᠤ᠂ ᠭᠤᠷᠪᠠᠳᠤᠭᠠᠷ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠭᠤᠣᠯ ᠪᠣᠯᠭᠠᠵᠤ᠂ ᠵᠢᠷᠤᠭ ᠪᠢᠴᠢᠭ ᠢ ᠤᠶᠠᠯᠳᠤᠭᠤᠯᠤᠨ᠂ ᠪᠤᠰᠤᠳᠴᠢ ᠦᠨᠡᠨ ᠪᠣᠳᠠᠲᠠᠢ᠂ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ ᠪᠠᠶᠢᠬᠤ ᠶᠢ ᠪᠠᠷᠢᠮᠲᠠᠯᠠᠨ᠂ ᠬᠥᠬᠡᠬᠤᠲᠠ ᠶᠢᠨ ᠲᠡᠦᠬᠡ ᠰᠣᠶᠣᠯ ᠤᠨ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠦᠭᠰᠡᠨ ᠪᠠᠶᠢᠨ᠎ᠠ᠃      ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠤᠰ ᠨᠣᠮ ᠨᠢ ᠣᠳᠣᠬᠠᠨ ᠳᠠᠬᠢ ᠬᠥᠬᠡᠬᠤᠲᠠ ᠣᠷᠣᠨ ᠤ ᠲᠡᠦᠬᠡ ᠰᠣᠶᠣᠯ ᠤᠨ ᠬᠤᠪᠢᠰᠤᠯᠲᠠ ᠶᠢ ᠲᠣᠳᠣᠷᠬᠠᠶᠢᠯᠠᠨ ᠥᠭᠦᠯᠡᠭᠰᠡᠨ ᠬᠠᠮᠤᠭ ᠤᠨ ᠪᠦᠷᠢᠨ ᠲᠡᠭᠦᠯᠳᠡᠷ᠂ ᠬᠠᠮᠤᠭ ᠤᠨ ᠡᠷᠬᠡ ᠰᠦᠷ ᠲᠠᠢ᠂ ᠬᠠᠮᠤᠭ ᠤᠨ ᠨᠠᠷᠢᠨ ᠪᠣᠳᠠᠲᠠᠢ ᠪᠦᠲᠦᠭᠡᠯ ᠪᠠᠶᠢᠵᠤ᠂ ᠬᠥᠬᠡᠬᠤᠲᠠ ᠶᠢᠨ ᠭᠠᠵᠠᠷ ᠣᠷᠣᠨ ᠤ ᠲᠡᠦᠬᠡ ᠶᠢ ᠣᠨᠣᠪᠴᠢᠲᠠᠢ ᠣᠶᠢᠯᠠᠭᠠᠨ᠂ ᠬᠥᠬᠡᠬᠤᠲᠠ ᠶᠢᠨ ᠲᠡᠦᠬᠡ ᠰᠣᠶᠣᠯ ᠢ ᠨᠡᠩ ᠰᠠᠶᠢᠲᠤᠷ ᠤᠬᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  ︵ᠰᠤᠷᠪᠤᠯᠵᠢᠯᠠᠭᠴᠢ ᠤᠯᠠᠭᠠᠨᠲᠤᠶᠠᠭ᠎ᠠ︶
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ