ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ 2021 ᠣᠨ ᠤ 2 ᠳ᠋ᠤᠭᠠᠷ ᠰᠠᠷ᠎ᠠ ᠶᠢᠨ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/3/23
     2 ᠳ᠋ᠤᠭᠠᠷ ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠢᠶᠠᠨ ᠵᠢᠶᠤᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ᠂ ᠱᠠᠩᠬᠠᠶ ᠶᠢᠨ ᠨᠢᠰᠬᠡᠯ ᠤᠨ ᠬᠡᠷᠡᠭᠯᠡᠭᠴᠢᠳ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠨᠤᠭᠤᠳ ᠤᠯᠤᠰ ᠲᠠᠭᠠᠨ ᠦᠢᠯᠡᠳᠪᠦᠷᠢᠯᠡᠭᠰᠡᠨ ᠨᠢᠰᠬᠡᠯ ᠤᠨ ᠰᠡᠯᠪᠢᠨ ᠵᠠᠰᠠᠬᠤ ᠲᠥᠪ ᠤᠨ ᠲᠥᠷᠥᠯ ᠵᠦᠢᠯ ᠤᠨ ᠲᠤᠬᠠᠶ ᠳᠥᠷᠪᠡᠨ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠪᠠ᠃ ᠲᠣᠰ ᠤᠳᠠᠭᠠᠨ ᠤ ᠳᠥᠷᠪᠡᠨ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠨᠢ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠳᠤ ᠠᠮᠤᠷ ᠲᠦᠪᠰᠢᠨ᠂ ᠥᠨᠳᠥᠷ ᠪᠦᠲᠦᠮᠵᠢᠲᠡᠶ᠂ ᠦᠷ᠎ᠡ ᠠᠰᠢᠭ ᠰᠠᠶᠢᠲᠠᠢ ᠰᠡᠯᠪᠢᠨ ᠵᠠᠰᠠᠬᠤ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠤᠨ ᠠᠭᠠᠷ ᠤᠨ ᠠᠶᠠᠯᠠᠯ ᠤᠨ ᠦᠢᠯᠡᠴᠢᠯᠡᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠴᠢᠨᠠᠷᠲᠠᠶ ᠠᠷᠠᠳ ᠤᠨ ᠠᠭᠠᠷ ᠤᠨ ᠠᠶᠠᠯᠠᠯ ᠤᠨ ᠦᠢᠯᠡᠰ ᠤᠨ ᠲᠠᠰᠤᠷᠠᠯᠲᠠ ᠥᠬᠡᠶ ᠰᠢᠨ᠎ᠡ ᠥᠷ᠎ᠡ ᠪᠦᠲᠦᠮᠵᠢ ᠣᠯᠬᠤ ᠶᠢ ᠠᠬᠢᠭᠤᠯᠬᠤ ᠪᠣᠯᠣᠨ᠎ᠠ᠃      2 ᠳ᠋ᠤᠭᠠᠷ ᠰᠠᠷ᠎ᠠ ᠶᠢᠨ 2 ᠤᠨ ᠡᠳᠦᠷ᠂ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ 3 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠬᠢᠪᠡ᠃      2 ᠳ᠋ᠤᠭᠠᠷ ᠰᠠᠷ᠎ᠠ ᠶᠢᠨ 3 ᠤ ᠡᠳᠦᠷ᠂ ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠨᠢᠰᠬᠡᠯ ᠤᠨ ᠪᠠᠭᠤᠳᠠᠯ ᠤᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ 9610 ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠨᠡᠪᠲᠡᠷᠡᠬᠦ ᠶᠣᠰᠣᠯᠠᠯ ᠬᠥᠬᠡᠬᠤᠲᠠ ᠶᠢᠨ ᠴᠠᠭᠠᠨ ᠰᠣᠪᠣᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠠᠭᠤᠴᠢᠨ ᠠᠶᠠᠯᠠᠯ ᠤᠨ ᠥᠷᠲᠡᠭᠡᠨ ᠤ ᠠᠰᠠᠷ ᠲᠤ ᠶᠠᠪᠤᠭᠳᠠᠪᠠ᠃      2 ᠳ᠋ᠤᠭᠠᠷ ᠰᠠᠷ᠎ᠠ ᠶᠢᠨ 5 ᠤ ᠡᠳᠦᠷ᠂ ᠰᠢᠨ᠎ᠡ ᠲᠣᠭᠤᠷᠢᠭ ᠤᠨ ᠶᠦᠨ ᠬᠥ᠋ ᠬᠡᠰᠡᠭ ᠲᠣᠭᠤᠷᠢᠭ ᠤᠨ ᠭᠤᠯᠳᠤ 28 ᠳ᠋ᠤᠭᠠᠷ ᠵᠠᠮ᠂ ᠢᠵᠢ ᠪᠥᠷᠢᠳᠦᠭᠦᠯᠬᠦ ᠪᠡᠯᠡᠳᠬᠡᠮᠵᠢ ᠶᠢᠨ ᠢᠨᠵᠧᠨᠧᠷᠢᠩ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠵᠢᠴᠢ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ 2020 ᠣᠨ ᠤ ᠶᠦᠨ ᠬᠥ᠋ ᠬᠡᠰᠡᠭ ᠲᠣᠭᠤᠷᠢᠭ ᠤᠨ ᠬᠤᠲᠠ ᠶᠢᠨ ᠶᠠᠪᠤᠳᠠᠯ ᠤᠨ ᠬᠤᠭᠤᠯᠠᠢ ᠭᠤᠤᠷᠰᠤ ᠶᠢᠨ ᠲᠣᠤᠷ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠥᠪᠰᠢᠶᠡᠷᠡᠭᠳᠡᠵᠦ᠂ ᠶᠡᠷᠦᠩᠬᠡᠶ ᠪᠠᠯᠠ ᠣᠷᠣᠭᠤᠯᠤᠯᠲᠠ ᠨᠢ 3.2 ᠳ᠋ᠦᠩᠰᠢᠭᠤᠷ ᠲᠥᠭᠦᠷᠢᠭ ᠲᠤ ᠬᠦᠷᠴᠦ᠂ ᠪᠥᠲᠥᠭᠡᠨ ᠪᠠᠶᠢᠭᠤᠯᠤᠯᠲᠠ ᠶᠢᠨ ᠣᠷᠳᠣ ᠶᠢᠨ ᠬᠡᠮᠵᠢᠶ᠎ᠡ ᠨᠢ 8.9 ᠺᠢᠯᠣᠮᠧᠲᠷ ᠪᠠᠶᠢᠵᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠪᠥᠭᠡᠳ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠵᠦ᠂ ᠴᠣᠬᠤᠯᠠᠪᠤᠷᠢ ᠤᠯᠪᠠ᠃      2 ᠳ᠋ᠤᠭᠠᠷ ᠰᠠᠷ᠎ᠠ ᠶᠢᠨ 8 ᠤ ᠡᠳᠦᠷ᠂ ᠰᠢᠨ᠎ᠡ ᠲᠣᠭᠤᠷᠢᠭ ᠤᠨ ᠬᠢᠨ ᠪᠠᠶᠢᠭᠤᠯᠭ᠎ᠠ ᠶᠢᠨ ᠬᠢᠴᠢᠶᠡᠯ ᠤᠨ ᠲᠠᠩᠬᠢᠮ ᠤᠨ 2021 ᠣᠨ ᠤ 2 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠵᠦ ᠵᠢᠶᠠᠨ ᠭᠦᠸᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      2 ᠳ᠋ᠤᠭᠠᠷ ᠰᠠᠷ᠎ᠠ ᠶᠢᠨ 9 ᠤ ᠡᠳᠦᠷ᠂ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠠ᠃ ᠵᠦ ᠵᠢᠶᠠᠨ ᠭᠦᠸᠧ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠬᠥᠬᠡᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠾᠧ ᠯᠢ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠶᠠᠷᠢᠶ᠎ᠠ ᠲᠠᠯᠪᠢᠪᠠ᠃      2 ᠳ᠋ᠤᠭᠠᠷ ᠰᠠᠷ᠎ᠠ ᠶᠢᠨ 18 ᠤ ᠡᠳᠦᠷ᠂ ᠵᠦ ᠵᠢᠶᠠᠨ ᠭᠦᠸᠧ ᠬᠤᠷᠠᠯ ᠬᠤᠷᠠᠯᠳᠤᠭᠤᠯᠵᠤ᠂ ᠰᠢᠨ᠎ᠡ ᠲᠣᠭᠤᠷᠢᠭ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ