ᠬᠥᠬᠡᠬᠤᠲᠠ ᠶᠢᠨ ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠰᠢᠨ᠎ᠡ ᠬᠤᠲᠠ ᠲᠣᠭᠤᠷᠢᠭ ᠤᠨ ᠯᠢ ᠶᠤᠸᠠᠨ ᠨᠡᠶᠢᠭᠡᠮ ᠲᠣᠭᠤᠷᠢᠭ ᠲᠤ ᠬᠦᠷᠴᠦ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/3/24
     3 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠰᠢᠨ᠎ᠡ ᠬᠤᠲᠠ ᠲᠣᠭᠤᠷᠢᠭ ᠤᠨ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠢ ᠶᠤᠸᠠᠨ ᠨᠡᠶᠢᠭᠡᠮ ᠲᠣᠭᠤᠷᠢᠭ ᠲᠤ ᠬᠦᠷᠴᠦ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠭᠦᠸᠧ ᠵᠢᠶᠦ᠋ᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠡᠷᠭᠢᠯᠡᠪᠡ᠃      ᠶᠦᠨ ᠰᠢᠨ ᠮᠢᠩ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠠᠵᠢᠯ ᠪᠣᠯᠤᠨ ᠰᠠᠭᠤᠭᠠᠯᠢ ᠠᠷᠠᠳ ᠤᠨ ᠠᠮᠢᠳᠤᠷᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠷᠠᠯ ᠳᠤ ᠤᠷᠤᠯᠴᠠᠭᠰᠠᠳ ᠲᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠲᠠᠯᠪᠢᠭᠰᠠᠨ ᠠᠯᠢ ᠤᠯᠠᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠰᠢᠨ᠎ᠡ ᠬᠥᠭᠵᠢᠯᠲᠡ ᠶᠢᠨ ᠱᠠᠲᠤ ᠦᠶ᠎ᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ ᠰᠢᠨ᠎ᠡ ᠬᠤᠲᠠ ᠲᠣᠭᠤᠷᠢᠭ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠵᠡᠷᠭᠡ ᠪᠠᠷ ᠥᠷᠨᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
     ᠬᠤᠷᠠᠯ ᠤᠨ ᠳᠠᠷᠠᠭ᠎ᠠ᠂ ᠶᠦᠨ ᠰᠢᠨ ᠮᠢᠩ ᠪᠣᠯᠤᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠺᠠᠳ᠋ᠷ ᠵᠢᠴᠢ ᠬᠤᠷᠠᠯ ᠳᠤ ᠣᠷᠣᠯᠴᠠᠭᠰᠠᠨ ᠰᠠᠭᠤᠭᠠᠯᠢ ᠠᠷᠠᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠤᠨ ᠲᠤᠬᠠᠢ ᠤᠯᠠᠨ ᠤ ᠰᠠᠨᠠᠯ ᠰᠠᠨᠠᠭᠤᠯᠭ᠎ᠠ ᠶᠢ ᠣᠶᠢᠯᠠᠭᠠᠪᠠ᠃ ᠯᠢ ᠶᠤᠸᠠᠨ ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ ᠵᠧᠦ ᠠᠨᠢᠶ᠎ᠠ᠄ ︽ᠨᠠᠮ ᠤᠨ ᠤᠳᠤᠷᠢᠳᠤᠯᠭ᠎ᠠ ᠳᠣᠣᠷ᠎ᠠ᠂ ᠪᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠭᠡᠷ ᠢᠶᠠᠨ ᠰᠢᠭ᠋ ᠬᠠᠯᠠᠭᠤᠨ ᠳᠤᠯᠠᠭᠠᠨ ᠢ ᠮᠡᠳᠡᠷᠡᠵᠦ᠂ ᠨᠡᠶᠢᠭᠡᠮ ᠲᠣᠭᠤᠷᠢᠭ ᠨᠢ ᠪᠢᠳᠡᠨ ᠤ ᠡᠪᠡᠳᠴᠢᠨ ᠦᠵᠡᠭᠦᠯᠵᠦ ᠬᠤᠭᠤᠯᠠ ᠢᠳᠡᠬᠦ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠪᠠᠰᠠ ᠣᠯᠠᠨ ᠶᠠᠩᠵᠤ ᠶᠢᠨ ᠬᠥᠳᠡᠯᠭᠡᠭᠡᠨ ᠵᠣᠬᠢᠶᠠᠨ ᠪᠠᠶᠢᠭᠤᠯᠵᠤ ᠮᠠᠨ ᠤ ᠡᠳᠡᠭᠡᠷ ᠨᠠᠰᠤᠲᠠᠶᠢᠴᠤᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠪᠠ︾ ᠭᠡᠪᠡ᠃ ᠯᠢ ᠶᠤᠸᠠᠨ ᠨᠡᠶᠢᠭᠡᠮ ᠲᠣᠭᠤᠷᠢᠭ ᠤᠨ ᠱᠦᠵᠢ ᠵᠢᠶᠠᠩ ᠨᠠ᠂ ᠳᠠᠷᠠᠭᠠᠴᠢ ᠶᠢᠨ ᠠᠵᠢᠯ ᠤᠨ ᠳᠤᠮᠳᠠ᠂ ᠨᠡᠶᠢᠭᠡᠮ ᠲᠣᠭᠤᠷᠢᠭ ᠤᠨ ᠬᠢᠨ ᠤᠯᠠᠮ ᠨᠢᠭᠡ ᠠᠯᠬᠤᠮ ᠰᠤᠷᠤᠯᠴᠠᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠤᠨ ᠭᠤᠣᠯᠳᠠᠯᠭ᠎ᠠ ᠲᠠᠢ ᠣᠶᠠᠯᠳᠤᠭᠤᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠲᠤᠭᠤᠰᠢᠯᠠᠭᠤᠯᠤᠨ᠎ᠠ ᠭᠡᠵᠦ ᠢᠯᠡᠳᠬᠡᠪᠡ᠃      ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠪᠣᠯ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ ᠠᠩᠬ᠎ᠠ ᠤᠳᠠᠭ᠎ᠠ ᠬᠤᠷᠠᠯᠳᠤᠭᠰᠠᠨ ᠪᠥᠬᠦ ᠤᠯᠤᠰ ᠤᠨ ᠬᠤᠶᠠᠷ ᠬᠤᠷᠠᠯ ᠪᠣᠯᠤᠨ᠎ᠠ᠂ ᠰᠢᠨ᠎ᠡ ᠬᠤᠲᠠ ᠲᠣᠭᠤᠷᠢᠭ ᠴᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠠᠵᠢᠯ ᠢ ᠰᠠᠶᠢᠳᠤᠷ ᠡᠬᠢᠯᠡᠬᠦᠯᠵᠦ᠂ ᠡᠬᠢᠨ ᠤ ᠠᠯᠬᠤᠭ᠎ᠠ ᠪᠠᠨ ᠰᠠᠶᠢᠳᠤᠷ ᠠᠯᠬᠤᠵᠤ᠂ ᠡᠯ᠎ᠡ ᠵᠣᠶᠢᠯ ᠤᠨ ᠠᠵᠢᠯ ᠢᠶᠠᠨ ᠠᠯᠬᠤᠮ ᠠᠯᠬᠤᠮ ᠢᠶᠠᠷ ᠠᠬᠢᠭᠤᠯᠵᠤ᠂ ᠰᠠᠭᠤᠭᠠᠯᠢ ᠠᠷᠠᠳ ᠤᠨ ᠭᠦᠷᠳᠡᠬᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号