ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠵᠤᠬᠢᠶᠠᠨ ᠪᠠᠶᠢᠭᠤᠯᠤᠯᠲᠠ  ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/24
     2021 ᠣᠨ ᠤ 3 ᠳ᠋ᠤᠭᠠᠷ ᠰᠠᠷ᠎ᠠ ᠶᠢᠨ 22 ᠤᠨ ᠡᠳᠦᠷ᠂ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠬᠡᠷ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠬᠡᠷ ᠤᠨ ᠬᠠᠷᠢᠭᠤᠴᠠᠯᠭᠠᠲᠠᠨ ᠵᠠᠩ ᠶᠠᠨ ᠴᠢᠨ ᠬᠤᠷᠠᠯ ᠢ ᠡᠷᠭᠢᠯᠡᠵᠦ᠂ ᠲᠥᠷᠥᠯ ᠬᠤᠪᠢᠶᠠᠬᠤ ᠠᠯᠪᠠᠨ ᠬᠡᠷ ᠤᠨ ᠠᠵᠢᠯᠲᠠᠨ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠶᠢᠷ᠎ᠠ ᠶᠢᠨ ᠬᠤᠭᠤᠴᠠᠭᠠᠨ ᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠳᠤᠷᠠᠳᠪᠠ᠃ ᠬᠤᠷᠠᠯ ᠠᠴᠠ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠶᠠᠷᠢᠯᠴᠠᠭᠰᠠᠨ ᠰᠠᠭᠤᠷᠢᠨ ᠳᠡᠭᠡᠷ᠎ᠡ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠢᠯᠭᠠᠬᠤ ᠲᠥᠪ ᠤᠨ ᠲᠤᠰᠬᠠᠢ ᠲᠦᠷᠦᠯ ᠤᠨ ᠲᠥᠰᠦᠯ ᠢ ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠴᠢᠨ ᠵᠢᠴᠢ ᠵᠢᠯᠣᠭᠤᠴᠢ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠤᠣᠷᠲᠠᠢ ᠬᠤᠭ ᠨᠣᠪᠰᠢ ᠶᠢ ᠴᠤᠭᠯᠠᠭᠤᠯᠬᠤ᠂ ᠴᠡᠪᠡᠷᠯᠡᠨ ᠵᠥᠭᠡᠭᠡᠪᠦᠷᠢᠯᠡᠬᠦ᠂ ᠲᠦᠷ ᠬᠠᠳᠠᠭᠠᠯᠠᠬᠤ᠂ ᠰᠢᠢᠳᠪᠦᠷᠢᠯᠡᠬᠦ ᠶᠠᠪᠤᠴᠠ ᠶᠢ ᠲᠣᠳᠣᠷᠬᠠᠶᠢᠯᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠪᠠᠶᠢᠩᠭᠤᠵᠢᠭᠤᠯᠬᠤ᠂ ᠨᠠᠷᠢᠯᠢᠬᠵᠢᠭᠤᠯᠬᠤ ᠬᠠᠮᠢᠶᠠᠷᠤᠯᠲᠠ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号