ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/24
     3 ᠰᠠᠷ᠎ᠠ ᠶᠢᠨ 15 ᠤ ᠦᠳᠡ ᠶᠢᠨ ᠡᠮᠦᠨ᠎ᠡ᠂ ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠶᠢᠨ ᠪᠥᠬᠦ ᠰᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ ︽ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠠᠵᠢᠯ ᠤᠨ ᠲᠥᠰᠦᠯ︾ ᠲᠠᠢ ᠤᠶᠠᠯᠳᠤᠭᠤᠯᠤᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠠᠵᠢᠯ ᠢ ᠲᠤᠬᠢᠷᠠᠭᠤᠯᠪᠠ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠡᠭᠦᠷᠭᠡ᠂ ᠦᠨᠳᠦᠰᠦᠨ ᠱᠠᠭᠠᠷᠳᠠᠯᠭ᠎ᠠ ᠪᠠ ᠭᠤᠣᠯ ᠴᠢᠬᠤᠯᠠ ᠠᠭᠤᠯᠭ᠎ᠠ ᠶᠢ ᠪᠠᠲᠤ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠬᠢᠭᠤᠯᠬᠤ ᠠᠵᠢᠯ ᠳᠤ ᠠᠭᠤᠰᠤᠯᠴᠠᠭᠤᠯᠬᠤ ᠬᠡᠷᠡᠭᠲᠡᠢ ᠭᠡᠪᠡ᠃      ᠷᠧᠨ ᠶᠠᠨ ᠰᠢᠶᠠᠩ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠡᠭᠡᠨ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠣᠯᠤᠨ ᠨᠠᠮ ᠤᠨ ᠳᠣᠲᠣᠭᠠᠳᠤ ᠶᠢᠨ ᠠᠮᠢᠳᠤᠷᠠᠯ ᠲᠠᠢ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠮ ᠤᠨ ᠳᠣᠲᠣᠭᠠᠳᠤ ᠶᠢᠨ ᠠᠵᠢᠯᠯᠠᠭ᠎ᠠ ᠪᠣᠯᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠭᠤᠣᠯᠳᠠᠯᠭ᠎ᠠ ᠲᠠᠢ ᠠᠭᠤᠯᠭ᠎ᠠ ᠪᠣᠯᠭᠠᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠡᠭᠡᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠴᠠᠭ ᠬᠤᠭᠤᠴᠠᠭ᠎ᠠ ᠪᠠ ᠠᠭᠤᠯᠭ᠎ᠠ ᠶᠢᠨ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠳᠤᠬᠢᠷᠠᠭᠤᠯᠵᠤ᠂ ᠨᠡᠪᠳᠡᠷᠡᠳᠡᠯ᠎ᠠ ᠣᠶᠢᠯᠠᠭᠠᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠡᠭᠡᠨ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠲᠡᠦᠬᠡ ᠶᠢ ᠰᠤᠷᠤᠯᠴᠠᠬᠤ᠂ ᠢᠲᠡᠭᠡᠯ ᠪᠢᠰᠢᠷᠡᠯ ᠢᠶᠠᠨ ᠨᠡᠮᠡᠭᠳᠡᠭᠦᠯᠬᠦ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠢ ᠤᠶᠠᠯᠳᠤᠭᠤᠯᠵᠤ᠂ ᠲᠡᠦᠬᠡ ᠶᠢ ᠰᠤᠷᠤᠯᠴᠠᠵᠤ ᠶᠣᠰᠣ ᠤᠴᠢᠷ ᠢ ᠮᠡᠳᠡᠬᠦ᠂ ᠲᠡᠦᠬᠡ ᠶᠢ ᠰᠤᠷᠤᠯᠴᠠᠵᠤ ᠬᠦᠴᠦᠯᠡᠨ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号