ᠴᠢᠩ ᠱᠦᠢ ᠡᡁᠧ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠄ ︽ᠭᠤᠷᠪᠠ ᠶᠢ ᠠᠳᠬᠤᠬᠤ︾ ᠶᠢ ᠲᠤᠪᠤᠶᠢᠯᠭᠠᠵᠦ ᠬᠢᠨᠠᠯᠲᠠ ᠲᠠᠯᠪᠢᠬᠤ ᠶᠢᠨ ᠪᠦᠷᠢᠨ ᠪᠦᠷᠬᠦᠭᠦᠯᠬᠦ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/3/24
      ᠨᠢᠭᠡ ᠳᠤ ︽ᠡᠮᠬᠢᠯᠡᠨ ᠨᠡᠶᠢᠯᠡᠭᠦᠯᠬᠦ︾ ᠶᠢ ᠠᠳᠬᠤᠵᠤ᠂ ︽ᠲᠣᠭᠤᠷᠢᠨ ᠪᠠᠶᠢᠴᠠᠭᠠᠬᠤ ᠶᠢ ᠨᠡᠪᠲᠡᠷᠡᠭᠦᠯᠬᠦ︾᠂ ︽ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃ ᠴᠠᠭᠳᠠᠨ ᠪᠠᠶᠢᠴᠠᠭᠠᠬᠤ ᠪᠠ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠶᠢᠨ ᠠᠭᠤᠰᠤᠯᠴᠠᠨ ᠨᠡᠪᠲᠡᠷᠡᠯᠴᠡᠬᠦ ᠶᠢ ᠭᠤᠤᠯᠳᠠᠯᠭ᠎ᠠ ᠲᠠᠢ ᠠᠳᠬᠤᠵᠤ᠂ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ ᠶᠢ ᠰᠢᠯᠵᠢᠭᠦᠯᠦᠨ ᠲᠤᠰᠢᠶᠠᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠴᠢᠩᠭᠠᠳᠬᠠᠨ᠂ ᠬᠢᠨᠠᠯᠲᠠ ᠲᠠᠯᠪᠢᠬᠤ ᠶᠢ ︽ᠭᠠᠭᠴᠠ ᠴᠡᠷᠢᠭ ᠢᠶᠠᠷ ᠪᠠᠶᠢᠯᠳᠤᠬᠤ︾ ᠠᠴᠠ ︽ᠰᠢᠰᠲ᠋ᠧᠮ ᠤᠨ ᠴᠤᠭᠯᠠᠷᠠᠯ︾ ᠳᠠᠰᠢ ᠬᠤᠪᠢᠷᠠᠭᠤᠯᠬᠤ ᠶᠢ ᠠᠬᠢᠭᠤᠯᠵᠤ᠂ ︽ᠳᠥᠷᠪᠡ ᠶᠢ ᠪᠦᠷᠢᠨ ᠪᠦᠷᠬᠦᠭᠦᠯᠬᠦ︾ ᠡᠷᠬᠡ ᠶᠢᠨ ᠬᠢᠨᠠᠯᠲᠠ ᠲᠠᠯᠪᠢᠬᠤ ᠪᠠᠶᠢᠷᠢᠰᠢᠯ ᠢ ᠪᠣᠶ ᠪᠣᠯᠭᠠᠪᠠ᠃      ᠬᠤᠶᠠᠷ ᠲᠤ ︽ᠥᠷᠭᠡᠳᠬᠡᠬᠦ︾ ᠶᠢ ᠠᠳᠬᠤᠵᠤ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠪᠠ᠃ 16 ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢ ᠪᠡᠶᠡᠯᠡᠭᠦᠯᠵᠦ᠂ ᠲᠣᠮᠢᠯᠠᠨ ᠰᠠᠭᠤᠯᠭᠠᠭᠰᠠᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠳᠠᠨ ᠤ ᠲᠤᠬᠢᠷᠠᠭᠤᠯᠤᠯᠳᠠ᠂ ᠵᠠᠷᠤᠳᠠᠯ ᠤᠨ ᠪᠠᠲᠤᠯᠠᠭ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠴᠢᠳᠠᠪᠤᠷᠢ ᠵᠡᠷᠭᠡ ᠶᠢᠨ ᠲᠣᠭᠤᠷᠢᠨ ᠳᠤ ᠲᠤᠰᠬᠠᠢ ᠬᠢᠨᠠᠨ ᠵᠢᠯᠤᠭᠤᠳᠤᠯᠭ᠎ᠠ ᠥᠷᠨᠢᠭᠦᠯᠵᠦ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠪᠣᠯᠤᠨ ᠰᠠᠭᠤᠭ᠎ᠠ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠤᠨ ᠨᠠᠷᠢᠨ ᠲᠠᠩᠰᠠ ᠶᠢᠨ ᠲᠦᠷᠢᠮ ᠢ ᠪᠠᠶᠢᠭᠤᠯᠵᠤ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠰᠢᠮᠳᠠᠭᠤᠯᠵᠤ᠂ ᠰᠢᠨᠵᠢᠯᠡᠬᠦ ᠤᠬᠠᠭᠠᠨᠴᠢ ᠪᠠᠷ ᠬᠢᠨᠠᠯᠲᠠ ᠲᠠᠯᠪᠢᠬᠤ᠂ ᠤᠨᠢᠨ ᠳᠡᠭᠡᠷ᠎ᠡ ᠨᠢ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ ᠶᠢ ᠦᠨᠡᠨᠬᠦ ᠪᠡᠶᠡᠯᠡᠭᠦᠯᠪᠡ᠃      ᠭᠤᠷᠪᠠ ᠳᠤ ︽ᠤᠷᠲᠤᠳᠬᠠᠬᠤ︾ ᠶᠢ ᠠᠳᠬᠤᠵᠤ᠂ ᠬᠢᠨᠠᠨ ᠪᠠᠶᠢᠴᠠᠭᠠᠬᠤ ᠡᠭᠦᠷᠭᠡ ᠴᠢᠳᠠᠪᠤᠷᠢ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠬᠦᠴᠦᠲᠡᠶ ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠪᠠ᠃ ᠨᠢᠳᠤᠨᠤᠨ᠂ 8 ᠰᠢᠶᠠᠩ ᠪᠠᠯᠭᠠᠰᠤ ᠪᠦᠬᠦᠨ ᠢᠶᠠᠷ ᠢᠶᠠᠨ ᠬᠢᠨᠠᠨ ᠪᠠᠶᠢᠴᠠᠭᠠᠬᠤ ᠪᠠᠶᠢᠭᠤᠯᠤᠮᠵᠢ ᠪᠠᠶᠢᠭᠤᠯᠵᠤ᠂ ︽ᠢᠯᠡ ᠪᠦᠷᠬᠦᠭᠦᠯᠬᠦ︾ ᠠᠴᠠ ︽ᠪᠦᠲᠦᠮᠵᠢᠲᠡᠢ ᠪᠦᠷᠬᠦᠭᠦᠯᠬᠦ︾ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠤᠯᠠᠨ ᠲᠦᠮᠡᠨ ᠳᠤ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠠᠪᠤᠳᠠᠯ ᠳᠡᠷᠭᠡᠳᠡ ᠨᠢ ᠪᠠᠶᠢᠨ᠎ᠠ᠂ ᠰᠤᠷᠲᠠᠯ ᠢ ᠲᠥᠪ ᠪᠣᠯᠭᠠᠬᠤ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠠᠪᠤᠳᠠᠯ ᠳᠡᠷᠭᠡᠳᠡ ᠨᠢ ᠪᠠᠶᠢᠨ᠎ᠠ ᠭᠡᠳᠡᠭ ᠢ ᠮᠡᠳᠡᠭᠦᠯᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号