ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠶᠢᠰᠦᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/24
ᠸᠠᠩ ᠯᠢ ᠰᠢᠶᠠ ᠡᠷᠬᠢᠯᠡᠵᠦ  ᠾᠧ ᠬᠠᠢ ᠳ᠋ᠦᠩ  ᠪᠠᠢ ᠶᠦᠩ ᠫᠢᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 3 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠶᠢᠰᠦᠳᠦᠭᠡᠷ ᠬᠤᠷᠠᠯ ᠬᠤᠷᠠᠯᠳᠤᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ ᠳᠣᠯᠣᠳᠤᠭᠠᠷ᠂ ᠠᠷᠪᠠᠨ ᠨᠠᠢᠮᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ ᠬᠤᠶᠠᠳᠤᠭᠠᠷ᠂ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ︔ ᠬᠤᠷᠠᠯ ᠠᠴᠠ ︽ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2020 ᠣᠨ ᠤ ᠠᠵᠢᠯ ᠤᠨ ᠳ᠋ᠦᠩᠨᠡᠯᠲᠡ︾ ︽ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2021 ᠣᠨ ᠤ ᠠᠵᠢᠯ ᠤᠨ ᠭᠤᠣᠯᠳᠠᠯᠭ᠎ᠠ︾ ︽ᠬᠥᠬᠡᠬᠤᠲᠠ ᠶᠢᠨ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠬᠦᠲᠦᠯᠬᠦ ᠡᠭᠦᠳᠦᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠲᠥᠰᠥᠯ︾ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ 2021 ᠣᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ ᠨᠠᠢᠮᠠᠳᠤᠭᠠᠷ ᠤᠳᠠᠭ᠎ᠠ ᠶᠢᠨ ᠬᠤᠷᠠᠯ ᠳᠡᠭᠡᠷ᠎ᠡ ᠳᠤᠷᠠᠳᠤᠭᠰᠠᠨ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤᠮᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠬᠤ︾ ᠴᠢᠬᠤᠯᠠ ᠱᠠᠭᠠᠷᠳᠠᠯᠭ᠎ᠠ ᠶᠢ ᠵᠢᠷᠤᠮᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠵᠤ᠂ ᠪᠦᠬᠦ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠡᠭᠦᠷᠭᠡ ᠬᠠᠷᠠᠯᠲᠠ ᠳᠤ ᠰᠠᠭᠤᠷᠢᠯᠠᠨ᠂ ᠨᠠᠷᠢᠨ ᠵᠣᠬᠢᠶᠠᠨ ᠪᠠᠶᠢᠭᠤᠯᠤᠨ ᠨᠠᠷᠢᠯᠢᠭ ᠬᠡᠷᠡᠭᠵᠢᠭᠦᠯᠵᠦ᠂ ᠲᠥᠪ ᠬᠤᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠭᠦᠨ ᠲᠡᠶᠢᠰᠢ ᠬᠥᠭᠵᠢᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠴᠠᠭ ᠢᠮᠠᠭᠲᠠ ︽ᠬᠤᠶᠠᠷ ᠢ ᠬᠦᠷᠢᠶᠡᠯᠡᠬᠦ︾ ᠤᠯᠤᠰ ᠲᠥᠷᠥ ᠶᠢᠨ ᠥᠨᠳᠥᠷ ᠲᠤ ᠵᠣᠭᠰᠣᠵᠤ᠂ ᠥᠭᠡᠷᠡᠴᠢᠯᠡᠯᠲᠡ ᠶᠢᠨ ᠪᠠᠲᠤ ᠬᠦᠴᠦᠨ ᠢ ᠪᠠᠷᠢᠮᠲᠠᠯᠠᠨ ᠪᠣᠭᠤᠮᠲᠠ ᠰᠢᠪᠲᠤᠯᠬᠤ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠡᠭᠦᠳᠦᠯᠲᠡ ᠪᠣᠯᠣᠨ ᠦᠢᠯᠡᠳᠦᠯᠭᠡ ᠬᠡᠷᠡᠭᠴᠡᠭᠡ ᠶᠢᠨ ᠨᠢᠭᠡᠳᠦᠯ ᠢ ᠪᠠᠷᠢᠮᠲᠠᠯᠠᠵᠤ᠂ ᠥᠭᠡᠷᠡᠴᠢᠯᠡᠯᠲᠡ ᠶᠢᠨ ᠠᠷᠭ᠎ᠠ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠳᠤ ᠥᠭᠡᠷᠡᠴᠢᠯᠡᠯᠲᠡ ᠨᠡᠩ ᠣᠯᠠᠨ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ  ᠦᠵᠡᠯ ᠰᠠᠨᠠᠭ᠎ᠠ ᠪᠠᠷ ᠥᠭᠡᠷᠡᠴᠢᠯᠡᠯᠲᠡ ᠶᠢᠨ ᠥᠷᠲᠡᠭ ᠤᠨ ᠬᠥᠭᠡᠭᠡᠴᠡᠯᠳᠦᠯ ᠪᠣᠯᠭᠠᠵᠤ᠂ ᠣᠯᠠᠨ ᠲᠦᠮᠡᠨ ᠤ ᠲᠤᠯᠭᠠᠮᠳᠠᠵᠤ ᠵᠣᠪᠠᠵᠤ ᠬᠦᠴᠢᠷᠳᠡᠵᠦ ᠬᠦᠰᠡᠵᠦ ᠰᠠᠨᠠᠭᠰᠠᠨ ᠠᠰᠠᠭᠤᠳᠠᠯ ᠢ ᠰᠢᠢᠳᠪᠦᠷᠢᠯᠡᠬᠦ ᠨᠡᠩ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠳᠠᠷᠤᠰᠢᠭᠤᠯᠤᠨ ᠪᠣᠳᠠᠲᠠᠶᠢᠵᠢᠭᠤᠯᠵᠤ᠂ ᠠᠳᠬᠤᠭᠰᠠᠨ ᠲᠡᠮᠦᠷ ᠲᠤ ᠬᠤᠷᠤᠭᠤᠨ ᠣᠷᠤᠮ ᠦᠯᠡᠳᠡᠭᠡᠵᠦ᠂ ᠭᠢᠰᠬᠢᠭᠰᠡᠨ ᠭᠠᠵᠠᠷ ᠲᠠᠭᠠᠨ ᠬᠥᠯ ᠤᠨ ᠮᠥᠷ ᠦᠯᠡᠳᠡᠭᠡᠬᠦ ᠵᠣᠷᠢᠭ ᠰᠥᠰᠥ ᠪᠠᠷ ᠥᠭᠡᠷᠡᠴᠢᠯᠡᠯᠲᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠬᠦᠴᠢᠷᠲᠡᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨᠡᠨᠬᠦ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠪᠠᠢ ᠶᠦᠩ ᠫᠢᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号