ᠲᠤᠭᠳᠠᠬᠤ ᠰᠢᠶᠠᠨ ᠤ ᠭᠠᠵᠠᠷ ᠰᠢᠷᠣᠶ ᠶᠢᠨ ᠠᠰᠢᠭᠯᠠᠯᠲᠠ ᠪᠠ ᠬᠠᠮᠠᠭᠠᠯᠠᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/25
      3 ᠳ᠋ᠤᠭᠠᠷ ᠰᠠᠷ᠎ᠠ ᠶᠢᠨ 19 ᠤ ᠡᠳᠦᠷ᠂ ᠲᠤᠭᠳᠠᠬᠤ ᠰᠢᠶᠠᠨ ᠤ ᠭᠠᠵᠠᠷ ᠰᠢᠷᠣᠶ ᠶᠢᠨ ᠠᠰᠢᠭᠯᠠᠯᠲᠠ ᠪᠠ ᠬᠠᠮᠠᠭᠠᠯᠠᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠲᠤᠭᠳᠠᠬᠤ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ ᠬᠤᠷᠠᠯ ᠡᠷᠭᠢᠯᠡᠭᠰᠡᠨ ᠪᠥᠭᠡᠳ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ 2021 ᠣᠨ ᠤ ᠭᠠᠵᠠᠷ ᠰᠢᠷᠣᠶ ᠶᠢᠨ ᠠᠰᠢᠭᠯᠠᠯᠲᠠ ᠪᠠ ᠬᠠᠮᠠᠭᠠᠯᠠᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠭᠳᠠᠬᠤ ᠰᠢᠶᠠᠨ ᠤ ᠭᠠᠵᠠᠷ ᠰᠢᠷᠣᠶ ᠶᠢᠨ ᠠᠰᠢᠭᠯᠠᠯᠲᠠ ᠪᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠬᠤ ᠪᠥᠭᠡᠳ ᠨᠡᠩ ᠴᠤ ᠨᠢᠭᠡ ᠵᠦᠢᠯ ᠤᠨ ᠴᠢᠬᠤᠯᠠ ᠤᠯᠤᠰ ᠳᠦᠷᠦ ᠶᠢᠨ ᠡᠭᠦᠷᠭᠡ ᠪᠣᠯᠤᠨ᠎ᠠ᠃ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠢᠶ᠎ᠠ ᠣᠷᠣᠨ ᠤ ᠬᠠᠮᠢᠶᠠᠷᠤᠯᠲᠠ ᠪᠠ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠲᠣᠭᠲᠠᠭᠰᠠᠨ ᠬᠤᠭᠤᠴᠠᠭᠠᠨ ᠳᠤ ᠣᠳᠣ ᠶᠢᠨ ᠬᠠᠤᠯᠢ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠵᠤ᠂ ᠭᠠᠵᠠᠷ ᠰᠢᠷᠣᠶ ᠶᠢᠨ ᠬᠠᠤᠯᠢ ᠵᠥᠷᠢᠴᠡᠭᠰᠡᠨ ᠠᠵᠢᠯᠯᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠶ᠂ ᠲᠦᠷ ᠴᠠᠭ ᠬᠡᠷᠡᠭᠯᠡᠬᠦ ᠭᠠᠵᠠᠷ ᠰᠢᠷᠣᠶ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠵᠢᠴᠢ ᠭᠡᠷ ᠪᠠᠶᠢᠰᠢᠩ ᠤᠨ ᠪᠥᠳᠥᠭᠡᠨ ᠪᠠᠶᠢᠭᠤᠯᠤᠯᠲᠠ ᠶᠢᠨ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠭᠠᠵᠠᠷ ᠰᠢᠷᠣᠶ ᠶᠢ ᠠᠰᠢᠭᠯᠠᠬᠤ ᠪᠠ ᠬᠠᠮᠠᠭᠠᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠬᠡᠷᠡᠭᠯᠡᠬᠦ ᠭᠠᠵᠠᠷ ᠰᠢᠷᠣᠶ ᠶᠢᠨ ᠬᠠᠮᠢᠶᠠᠷᠤᠯᠲᠠ ᠡᠵᠡᠮᠳᠡᠯ ᠢ ᠰᠤᠯᠠᠷᠠᠭᠤᠯᠬᠤ ᠥᠭᠡᠢ ᠪᠠᠶᠢᠬᠤ ᠶᠢ ᠴᠢᠩᠭᠠᠳᠬᠠᠵᠤ᠂ ᠲᠤᠭᠳᠠᠬᠤ ᠰᠢᠶᠠᠨ ᠤ ᠲᠠᠷᠢᠶᠠᠨ ᠭᠠᠵᠠᠷ ᠤᠨ ᠤᠯᠠᠭᠠᠨ ᠱᠤᠭᠤᠮ ᠢ ᠭᠤᠶᠢᠪᠢᠰᠢ ᠥᠭᠡᠢ ᠴᠢᠩᠭ᠎ᠠ ᠰᠠᠬᠢᠵᠤ᠂ ᠰᠢᠶᠠᠨ ᠤ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠥᠯᠬᠢᠨ ᠠᠬᠢᠭᠤᠯᠬᠤ ᠬᠡᠷᠡᠭᠲᠡᠶ ᠭᠡᠪᠡ᠃      ᠬᠤᠷᠠᠯ ᠳᠡᠭᠡᠷ᠎ᠡ᠂ ︽ᠲᠣᠭᠲᠠᠬᠤ ᠰᠢᠶᠠᠨ ᠤ ᠦᠨᠳᠦᠰᠦᠨ ᠱᠠᠲᠤ ᠶᠢ ᠡᠮᠬᠢᠯᠡᠨ ᠨᠡᠶᠢᠯᠡᠭᠦᠯᠵᠦ ᠬᠢᠨᠠᠨ ᠵᠥᠪᠰᠢᠶᠡᠷᠡᠬᠦ  ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠬᠢᠭᠡᠳ ᠭᠠᠵᠠᠷ ᠰᠢᠷᠣᠶ ᠶᠢᠨ ᠠᠰᠢᠭᠯᠠᠯᠲᠠ ᠪᠠ ᠬᠠᠮᠠᠭᠠᠯᠠᠯᠲᠠ ᠶᠢᠨ ᠠᠵᠢᠯ ᠢ ᠪᠦᠲᠦᠮᠵᠢᠲᠡᠶ ᠵᠣᠯᠭᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠤᠯᠠᠮᠵᠢᠯᠠᠨ ᠲᠠᠶᠢᠯᠪᠤᠷᠢᠯᠠᠵᠠᠶ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号