ᠸᠠᠩ ᠯᠢ ᠰᠢᠶᠠ ᠪᠦᠬᠦ ᠬᠤᠲᠠ ᠶᠢᠨ ᠰᠠᠷ᠎ᠠ ᠶᠢᠨ ᠠᠵᠢᠯ ᠢ ᠦᠨᠡᠯᠡᠬᠦ ᠬᠤᠷᠠᠯ ᠳᠡᠭᠡᠷ᠎ᠡ ᠴᠢᠬᠤᠯᠠᠴᠢᠯᠠᠭᠰᠠᠨ  ᠨᠢ ᠬᠠᠷᠢᠭᠤᠴᠠᠯᠭᠠᠲᠤ ᠤᠬᠠᠮᠰᠠᠷ ᠲᠤᠯᠭᠠᠮ᠎ᠠ ᠲᠥᠷᠥᠭᠳᠡᠯ ᠢᠶᠠᠨ ᠴᠢᠩᠭᠠᠳᠬᠠᠵᠤ ᠡᠯ᠎ᠡ ᠵᠦᠢᠯ ᠤᠨ ᠠᠵᠢᠯ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/3/25
ᠾᠧ ᠬᠠᠢ ᠳ᠋ᠦᠩ  ᠪᠠᠢ ᠶᠦᠩ ᠫᠢᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ  ᠯᠢ ᠬᠠᠢ ᠵᠧᠨ︶ 3 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠪᠦᠬᠦ ᠬᠤᠲᠠ ᠶᠢᠨ ᠰᠠᠷ᠎ᠠ ᠶᠢᠨ ᠠᠵᠢᠯ ᠢ ᠦᠨᠡᠯᠡᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠰᠡᠭ ᠬᠤᠰᠢᠭᠤ ᠰᠢᠶᠠᠨ ᠲᠣᠭᠤᠷᠢᠭ ᠤᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠵᠡᠷᠭᠡ ᠭᠤᠣᠯᠳᠠᠯᠭ᠎ᠠ ᠲᠠᠢ ᠠᠵᠢᠯ ᠵᠢᠴᠢ ᠬᠡᠰᠡᠭ ᠰᠠᠯᠠᠭ᠎ᠠ ᠮᠥᠴᠢᠷ ᠤᠨ ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠳᠡᠭᠡᠷ᠎ᠡ᠂ ᠲᠣᠭᠲᠠᠬᠤ ᠰᠢᠶᠠᠨ᠂ ᠰᠢᠨ᠎ᠡ ᠬᠤᠲᠠ ᠲᠣᠭᠤᠷᠢᠭ᠂ ᠢᠦᠢ ᠴᠢᠦᠸᠠᠨ ᠲᠣᠭᠤᠷᠢᠭ ᠤᠨ ᠬᠢᠨ ᠲᠠᠷᠠᠭᠠᠯᠠᠨ ᠣᠷᠴᠢᠮ ᠤᠨ ᠭᠤᠣᠯᠳᠠᠯᠭ᠎ᠠ ᠲᠠᠢ ᠠᠵᠢᠯ ᠢᠶᠠᠨ ᠬᠠᠷᠢᠭᠤ ᠮᠡᠳᠡᠭᠦᠯᠵᠦ᠂ ᠸᠠᠩ ᠯᠢ ᠰᠢᠶᠠ ᠦᠨᠡᠯᠡᠯᠲᠡ ᠬᠢᠪᠡ︔ ᠬᠤᠲᠠ ᠶᠢᠨ ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ ᠶᠢ ᠵᠢᠯᠣᠭᠤᠳᠴᠤ ᠲᠣᠬᠢᠷᠠᠭᠤᠯᠬᠤ ᠲᠥᠪ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ ᠠᠵᠢᠯ ᠤᠨ ᠪᠠᠶᠢᠳᠠᠯ ᠢ ᠮᠡᠳᠡᠭᠡᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠦᠨᠡᠯᠡᠯᠲᠡ ᠬᠢᠵᠦ ᠱᠠᠭᠠᠷᠳᠠᠯᠭ᠎ᠠ ᠳᠤᠷᠠᠳᠴᠤ᠂ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃       ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠰᠠᠶᠢᠨ ᠡᠬᠢᠯᠡᠯᠲᠡ ᠶᠢ ᠠᠬᠢᠭᠤᠯᠬᠤ ᠶᠢᠨ ᠦᠨᠳᠦᠰᠦᠨ ᠠᠵᠢᠯᠯᠠᠭᠠᠨ ᠤ ᠵᠢᠷᠤᠮᠯᠠᠯ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠷᠢᠭᠤᠴᠠᠯᠭᠠᠲᠤ ᠤᠬᠠᠮᠰᠠᠷ᠂ ᠲᠤᠯᠭᠠᠮ᠎ᠠ ᠲᠥᠷᠥᠭᠳᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠣᠳᠣᠬᠠᠨ ᠳᠤ᠂ ᠠᠷᠪᠠᠨ ᠲᠥᠷᠥᠯ ᠤᠨ ᠭᠤᠣᠯᠳᠠᠯᠭ᠎ᠠ ᠲᠠᠢ ᠠᠵᠢᠯ ᠢ ᠳᠣᠪᠣᠶᠢᠯᠭᠠᠨ ᠴᠢᠩᠭ᠎ᠠ ᠠᠳᠬᠤᠬᠤ ᠬᠡᠷᠡᠭᠲᠡᠢ᠄ ᠨᠢᠭᠡ ᠳᠤ ᠰᠤᠷᠤᠯᠴᠠᠯᠭ᠎ᠠ ᠬᠥᠮᠥᠵᠢᠯ ᠢ ᠴᠢᠩᠭ᠎ᠠ ᠠᠳᠬᠤᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠨ ᠰᠤᠷᠤᠯᠴᠠᠨ ᠭᠦᠨᠵᠡᠭᠡᠢ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠬᠤ ᠬᠡᠷᠡᠭᠲᠡᠢ᠃ ᠬᠤᠶᠠᠷ ᠲᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠤᠷᠳᠤᠨ ᠴᠡᠭᠴᠡᠯᠡᠵᠦ᠂ ᠬᠤᠷᠳᠤᠨ ᠰᠠᠶᠢᠵᠢᠷᠠᠭᠤᠯᠵᠤ᠂ ᠬᠤᠷᠳᠤᠨ ᠦᠷ᠎ᠡ ᠪᠦᠲᠦᠮᠵᠢ ᠣᠯᠬᠤ ᠬᠡᠷᠡᠭᠲᠡᠢ᠃ ᠭᠤᠷᠪᠠ ᠳᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢ ᠴᠢᠩᠭ᠎ᠠ ᠠᠳᠬᠤᠵᠤ᠂ ᠬᠠᠨᠤᠮᠵᠢᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠳᠥᠷᠪᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠵᠤ᠂ ᠵᠣᠯᠭᠠᠭᠤᠯᠤᠨ ᠪᠣᠳᠠᠲᠠᠶᠢᠵᠢᠭᠤᠯᠬᠤ ᠶᠢ ᠴᠢᠩᠭ᠎ᠠ ᠠᠳᠬᠤᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ ᠬᠡᠷᠡᠭᠲᠡᠢ᠃ ᠲᠠᠪᠤ ᠳᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠵᠢᠷᠭᠤᠭ᠎ᠠ ᠳᠤ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢ ᠴᠢᠩᠭ᠎ᠠ ᠠᠳᠬᠤᠵᠤ᠂ ᠬᠥᠭᠵᠢᠯᠲᠡ ᠪᠣᠯᠣᠨ ᠠᠶᠤᠯᠭᠦᠢ ᠶᠢ ᠨᠢᠭᠡᠳᠦᠯᠲᠡᠢ ᠲᠥᠯᠥᠪᠵᠢᠭᠦᠯᠦᠨ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ᠳᠣᠯᠤᠭ᠎ᠠ ᠳᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ ᠴᠢᠩᠭ᠎ᠠ ᠠᠳᠬᠤᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠯᠠᠨ ᠲᠦᠮᠡᠨ ᠤ ︽ᠠᠭᠤᠰᠬᠢ ᠵᠢᠷᠦᠬᠡᠨ ᠤ ᠵᠣᠪᠠᠯᠠᠩ︾ ᠢ ᠵᠣᠷᠢᠭ ᠰᠢᠭᠤᠳᠤᠨ ᠰᠠᠶᠢᠨ ᠰᠢᠢᠳᠪᠦᠷᠢᠯᠡᠬᠦ ᠬᠡᠷᠡᠭᠲᠡᠢ᠃ ᠨᠠᠢᠮᠠ ᠳᠤ ᠠᠷᠠᠳ ᠤᠨ ᠠᠮᠢᠳᠤᠷᠠᠯ ᠤᠨ ᠪᠣᠳᠠᠲᠠᠢ ᠤᠴᠢᠷ ᠢ ᠴᠢᠩᠭ᠎ᠠ ᠠᠳᠬᠤᠵᠤ᠂ ︽ᠭᠤᠷᠪᠠᠨ ᠰᠤᠷᠪᠤᠯᠵᠢᠯᠠᠭ᠎ᠠ︾ ︽ᠭᠤᠷᠪᠠ ᠶᠢ ᠠᠰᠠᠭᠤᠬᠤ︾ ᠶᠢ ᠬᠠᠷᠢᠯᠴᠠᠨ ᠤᠶᠠᠯᠳᠤᠭᠤᠯᠤᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠦᠷᠢ ᠨᠡᠯᠢᠶᠡᠳ ᠬᠡᠳᠦᠨ ᠵᠤᠷᠪᠤᠰ ᠠᠷᠠᠳ ᠲᠤ ᠪᠣᠳᠠᠲᠠᠢ ᠤᠴᠢᠷ ᠬᠢᠬᠦ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠵᠡᠭᠡᠯᠢ ᠭᠤᠳᠤᠮᠵᠢ᠂ ᠰᠢᠶᠠᠩ ᠪᠠᠯᠭᠠᠰᠤ ︽ᠣᠯᠠᠨ ᠲᠦᠮᠡᠨ ᠬᠠᠨᠤᠮᠵᠢ ᠦᠭᠡᠢ ᠪᠠᠶᠢᠭ᠎ᠠ ᠪᠠᠭ᠎ᠠ ᠤᠴᠢᠷ ᠰᠢᠢᠳᠪᠦᠷᠢᠯᠡᠬᠦ︾ ᠢ ᠲᠣᠳᠣᠷᠬᠠᠶᠢᠯᠠᠨ᠂ ︽ᠨᠢᠭᠡᠳᠦᠭᠡᠷ ᠭᠠᠷ︾ ᠢᠯᠡ ᠪᠠᠷ ᠣᠪᠣᠷ ᠢᠶᠠᠨ ᠢᠯᠡᠷᠭᠡᠶᠢᠯᠡᠵᠦ᠂   ᠤᠯᠠᠨ ᠤ ᠡᠮᠦᠨ᠎ᠡ ᠢᠯᠡᠷᠡᠵᠦ᠂ ᠢᠯᠡ ᠪᠠᠷ ᠠᠮᠠᠯᠠᠬᠤ ᠬᠡᠷᠡᠭᠲᠡᠢ᠃ ᠶᠢᠰᠦ ᠳᠤ ᠦᠨᠳᠦᠰᠦᠲᠡᠨ ᠤ ᠪᠦᠯᠬᠦᠮᠳᠡᠯ ᠤᠨ ᠠᠵᠢᠯ ᠢ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠠᠷᠪᠠ ᠳᠤ ᠰᠠᠬᠢᠯᠭ᠎ᠠ ᠪᠠᠲᠤ ᠬᠡᠪ ᠰᠤᠷᠲᠠᠯ ᠤᠨ ᠪᠠᠶᠢᠭᠤᠯᠤᠯᠲᠠ ᠶᠢᠨ ᠴᠢᠩᠭ᠎ᠠ ᠠᠳᠬᠤᠵᠤ᠂ ᠬᠠᠲᠠᠭᠤ ᠴᠢᠩᠭ᠎ᠠ ᠭᠤᠣᠯ ᠬᠥᠭ ᠠᠶᠠᠰ ᠢ ᠤᠷᠲᠤ ᠬᠤᠭᠤᠴᠠᠭ᠎ᠠ ᠪᠠᠷ ᠪᠠᠷᠢᠮᠲᠠᠯᠠᠨ᠂ ᠡᠴᠦᠰ ᠲᠤᠨᠢ ᠲᠤᠯᠲᠠᠯ᠎ᠠ ᠴᠢᠩᠭᠠᠳᠬᠠᠵᠤ᠂ ︽ᠪᠢᠲᠡᠭᠦᠦ ᠴᠠᠭᠠᠷᠢᠭᠲᠤ ᠬᠠᠮᠢᠶᠠᠷᠤᠯᠲᠠ︾ ᠶᠢ ᠴᠢᠩᠭᠠᠳᠬᠠᠨ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠪᠠᠢ ᠶᠦᠩ ᠫᠢᠩ ᠵᠡᠷᠭᠡ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号