| | | ᠠᠯᠠᠱᠠ ᠤᠷᠤᠨ ᠪᠣᠯ ᠲᠡᠦᠭᠡᠨ ᠲᠡᠭᠡᠷ᠎ᠡ ᠴᠡᠷᠢᠭ ᠤᠨ ᠡᠷᠳᠡᠮᠳᠡᠳ ᠤᠨ ᠵᠠᠪᠠᠯ ᠪᠤᠯᠢᠶᠠᠯᠳᠤᠬᠤ ᠪᠠᠶᠢᠯᠳᠤᠬᠤ | ᠪᠤᠳᠤᠯᠭ᠎ᠠ ᠶᠢᠨ ᠴᠢᠬᠤᠯᠠ ᠭᠠᠵᠠᠷ ᠪᠣᠯᠬᠤ ᠶᠤᠮ᠂ ᠤᠴᠢᠷ ᠨᠢ ᠤᠮᠠᠷᠠᠲᠤ ᠬᠢᠯᠢ ᠬᠢᠵᠠᠭᠠᠷ ᠲᠤ ᠪᠠᠶᠢᠷᠢᠰᠢᠨ᠂ | ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠲᠠᠢ ᠬᠢᠯᠢ ᠨᠡᠶᠢᠯᠡᠵᠦ ᠪᠠᠶᠢᠭ᠎ᠠ ᠪᠣᠯᠬᠤᠷ᠂ ᠤᠯᠤᠰ ᠲᠥᠷᠥ ᠶᠢᠨ | ᠲᠠᠯ᠎ᠠ ᠪᠠᠷ ᠨᠡᠩ ᠴᠢᠬᠤᠯᠠ ᠪᠠᠶᠢᠳᠠᠭ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ᠂ ᠮᠰᠢ ᠤᠯᠠᠨ ᠡᠪ | ᠬᠠᠮᠳᠤ ᠶᠢᠨ ᠢᠨᠲ᠋ᠧᠷᠨᠠᠽᠢᠥᠨᠠᠯ ᠤᠨ ᠠᠵᠢᠯᠳᠠᠨ ᠪᠤᠯᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ | ᠤᠳᠤᠷᠢᠳᠤᠯᠭ᠎ᠠ ᠨᠠᠷ ᠡᠷᠲᠡᠨ ᠤ ᠬᠤᠳᠠᠯᠳᠤᠭᠠᠨ ᠤ ᠲᠡᠮᠡᠭᠡᠨ ᠵᠠᠮ ᠢᠶᠠᠷ ᠠᠶᠠᠯᠠᠵᠤ᠂ ᠠᠯᠠᠱᠠ ᠪᠠᠷ ᠲᠠᠮᠵᠢᠨ ᠵᠦᠪᠯᠡᠯᠲᠦ | ᠬᠤᠯᠪᠤᠭᠠᠲᠤ ᠤᠯᠤᠰ᠂ ᠮᠤᠩᠭᠤᠯ ᠤᠯᠤᠰ ᠪᠤᠯᠤᠨ ᠲᠤᠮᠳᠠᠳᠤ ᠤᠯᠤᠰ ᠤᠨ ᠳᠣᠲᠤᠷ ᠭᠠᠵᠠᠷ ᠤᠨ ᠬᠤᠭᠤᠷᠤᠨᠳᠤ | ᠶᠠᠪᠤᠵᠤ᠂ ᠡᠪ ᠬᠠᠮᠳᠤ ᠶᠢᠨ ᠢᠨᠲ᠋ᠧᠷᠨᠠᠽᠢᠥᠨᠠᠯ ᠲᠠᠢ ᠬᠠᠷᠢᠯᠴᠠᠬᠤ ᠨᠢᠭᠤᠴᠠ ᠵᠠᠮ ᠬᠠᠷᠢᠯᠴᠠᠭᠠᠨ ᠤ ᠱᠤᠭᠤᠮ ᠢ | ᠨᠡᠭᠡᠭᠡᠵᠦ᠂ ᠴᠢᠯᠦᠭᠡᠯᠡᠭᠳᠡᠭᠰᠡᠨ ᠤᠷᠤᠨ ᠠᠴᠠ ᠡᠪ ᠬᠠᠮᠳᠤ ᠶᠢᠨ ᠢᠨᠲ᠋ᠧᠷᠨᠠᠽᠢᠥᠨᠠᠯ ᠤᠨ ᠠᠵᠢᠯᠯᠠᠭᠠᠨ ᠤ ᠲᠥᠪ | ᠲᠡᠶᠢᠰᠢ ᠨᠡᠪᠲᠡᠷᠡᠬᠦ ᠨᠢᠭᠤᠴᠠ ᠬᠤᠪᠢᠰᠬᠠᠯ ᠤᠨ ᠵᠠᠮ ᠢ ᠪᠦᠷᠢᠯᠳᠦᠭᠦᠯᠵᠡᠢ᠂ ᠢᠩᠭᠢᠭᠡᠳ ᠡᠯᠡᠱᠠ ᠶᠢᠨ ᠡᠬᠡ | ᠭᠠᠵᠠᠷ ᠲᠤ ᠮᠠᠰᠢ ᠤᠯᠠᠨ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠡᠷᠡᠯ ᠰᠠᠴᠤᠷᠠᠩᠭᠤᠢ ᠦᠢᠯᠡ | ᠠᠵᠢᠯᠯᠠᠭ᠎ᠠ ᠶᠢ ᠪᠢᠴᠢᠭᠯᠡᠭᠰᠡᠨ ᠪᠠᠶᠢᠨ᠎ᠠ᠃ | ︽ᠳ᠋ᠧᠩ ᠰᠢᠶᠤᠤ ᠫᠢᠩ ᠨᠦᠬᠦᠷ ᠡᠨᠡ ᠵᠠᠮ ᠢᠶᠠᠷ ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠳᠤ ᠬᠦᠷᠴᠦ | ᠦᠩᠭᠡᠷᠡᠵᠡᠢ᠂ ᠡᠨᠡ ᠨᠢ ᠬᠤᠯᠪᠤᠭᠳᠠᠯ ᠪᠦᠬᠦᠢ ᠲᠡᠦᠭᠡᠨ ᠮᠠᠲ᠋ᠧᠷᠢᠶᠡᠯ ᠳᠤ ᠤᠯᠠᠨ ᠲᠡᠮᠳᠡᠭᠯᠡᠯ ᠲᠠᠢ ᠶᠤᠮ᠃1926 | ᠣᠨ ᠤ 5 ᠰᠠᠷ᠎ᠠ ᠳᠤ᠂ ᠹᠧᠩ ᠢᠥᠢ ᠰᠢᠶᠠᠩ ᠵᠦᠪᠯᠡᠯᠲᠦ ᠬᠤᠯᠪᠤᠭᠠᠳᠤ ᠤᠯᠤᠰ ᠲᠤ ᠠᠶᠢᠯᠴᠢᠯᠠᠬᠤ ᠳᠠᠭᠠᠨ᠂ ᠡᠪ | ᠬᠠᠮᠳᠤ ᠶᠢᠨ ᠢᠨᠲ᠋ᠧᠷᠨᠠᠽᠢᠥᠨᠠᠯ ᠪᠤᠯᠤᠨ ᠲᠤᠮᠳᠠᠳᠤ ᠤᠯᠤᠰ ᠤᠨ ᠡᠪ ᠬᠠᠮᠳᠤ ᠨᠠᠮ ᠲᠤᠷᠤᠨᠠᠳᠠᠬᠢᠨ ᠶᠡᠭᠡ ᠰᠤᠷᠭᠠᠭᠤᠯᠢ | ᠪᠤᠯᠤᠨ ᠵᠦᠩᠱᠠᠨ ᠶᠡᠭᠡ ᠰᠤᠷᠭᠠᠭᠤᠯᠢ ᠠᠴᠠ ᠬᠤᠪᠢᠰᠬᠠᠯᠳᠤ ᠨᠦᠬᠦᠳ ᠢ ᠰᠤᠩᠭᠤᠨ ᠲᠡᠭᠦᠨ ᠤ ᠴᠡᠷᠢᠭ ᠠᠩᠭᠢ ᠳᠤ | ᠣᠴᠢᠭᠤᠯᠵᠤ ᠤᠯᠤᠰ ᠲᠥᠷᠥ ᠶᠢᠨ ᠠᠵᠢᠯ ᠬᠢᠯᠭᠡᠬᠦ ᠶᠢ ᠬᠦᠰᠡᠪᠡ᠃ ︿ᠳ᠋ᠧᠩ ᠰᠢᠶᠤᠤ ᠫᠢᠩ ᠤᠨ ᠥᠪᠡᠷ ᠤᠨ | ᠲᠤᠭᠠᠴᠢᠯᠲᠠ﹀ ᠳᠤ᠂1926 ᠣᠨ ᠤ ᠰᠡᠭᠦᠯᠴᠢ ᠪᠠᠷ᠂ ᠳ᠋ᠧᠩ ᠰᠢᠶᠤᠤ ᠫᠢᠩ 6 ᠵᠢᠯ ᠤᠨ ᠲᠤᠷᠰᠢᠬᠢ | ᠭᠠᠳᠠᠭᠠᠳᠤ ᠳᠤ ᠠᠵᠢᠯᠴᠢ ᠠᠷᠪᠢᠴᠢ ᠪᠠᠷ ᠰᠤᠷᠤᠯᠴᠠᠵᠤ ᠪᠠᠶᠢᠭᠰᠠᠨ ᠠᠮᠢᠳᠤᠷᠠᠯ ᠢᠶᠠᠨ ᠡᠴᠦᠰᠯᠡᠭᠦᠯᠵᠦ᠂ ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠪᠤᠯᠤᠨ ᠡᠪ ᠬᠠᠮᠳᠤ ᠶᠢᠨ ᠢᠨᠲ᠋ᠧᠷᠨᠠᠽᠢᠥᠨᠠᠯ ᠤᠨ ᠲᠤᠮᠢᠯᠠᠯᠲᠠ | ᠪᠠᠷ᠂ ᠸᠠᠩ ᠴᠦᠩ ᠶᠦᠨ᠂ ᠵᠤ᠋ ᠱᠢ ᠡᠾᠧᠩ ᠵᠡᠷᠭᠡ ᠬᠦᠮᠦᠰ ᠲᠠᠢ ᠬᠠᠮᠳᠤ ᠹᠧᠩ ᠢᠥᠢ ᠰᠢᠶᠠᠩ ᠤᠨ ᠴᠡᠷᠢᠭ | ᠠᠩᠭᠢ ᠳᠤ ᠬᠦᠷᠴᠦ ᠠᠵᠢᠯᠯᠠᠨ᠂ ᠮᠤᠰᠺᠸᠠ ᠠᠴᠠ ᠤᠯᠤᠰ ᠲᠠᠭᠠᠨ ᠪᠤᠴᠠᠬᠤ ᠠᠶᠠᠨ ᠢᠶᠠᠨ ᠡᠬᠢᠯᠡᠭᠦᠯᠪᠡ﹀ ᠭᠡᠵᠦ | ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠣᠶᠤᠯ ᠲᠡᠥᠭᠡ ᠶᠢᠨ ᠲᠤᠰᠬᠠᠢ ᠲᠤᠰᠢᠶᠠᠯᠳᠠᠨ ᠬᠤᠸᠠᠩ | ᠼᠦᠩ ᠲᠠᠨᠢᠯᠴᠠᠭᠤᠯᠤᠯ᠎ᠠ᠃ | ᠳ᠋ᠧᠩ ᠰᠢᠶᠤᠤ ᠫᠢᠩ ᠨᠦᠬᠦᠷ ᠤᠨ ᠭᠡᠦᠭᠡᠨ ᠳ᠋ᠧᠩ ᠨᠠᠨ ︽ᠮᠢᠨᠤ ᠡᠴᠢᠭᠡ ᠳ᠋ᠧᠩ ᠰᠢᠶᠤᠤ ᠫᠢᠩ︾ ᠭᠡᠬᠦ | ᠨᠣᠮ ᠳᠠᠭᠠᠨ ᠪᠠᠰᠠ ᠳ᠋ᠧᠩ ᠰᠢᠶᠤᠤ ᠫᠢᠩ ᠤᠯᠤᠰ ᠲᠠᠭᠠᠨ ᠪᠤᠴᠠᠬᠤ ᠱᠤᠭᠤᠮ ᠤᠨ ᠲᠤᠬᠠᠢ ᠡᠷᠬᠢᠴᠡᠭᠦᠯᠦᠯ ᠢ | ᠢᠩᠭᠢᠵᠦ ᠲᠡᠮᠳᠡᠭᠯᠡᠭᠰᠡᠨ ᠪᠠᠶᠢᠨ᠎ᠠ᠄ ︽ᠤᠷᠢᠳ ᠢᠶᠠᠷ ᠭᠠᠯᠲᠤ ᠲᠡᠷᠭᠡᠨ ᠳᠤ ᠰᠠᠭᠤᠵᠤ᠂ ᠦᠵᠢᠨᠰᠺ ᠲᠤ ᠬᠦᠷᠴᠦ | ᠮᠠᠰᠢᠨ ᠲᠡᠷᠭᠡ ᠰᠣᠯᠢᠵᠤ᠂ ᠲᠤᠬᠠᠢ ᠶᠢᠨ ᠥᠶ᠎ᠡ ᠶᠢᠨ ᠮᠤᠩᠭᠤᠯ ᠤᠨ ᠬᠦᠷᠢᠶ᠎ᠡ ︵ᠤᠯᠠᠭᠠᠨᠪᠠᠭᠠᠳᠤᠷ︶ ᠲᠤ | ᠬᠦᠷᠦᠨ᠎ᠡ᠃ ᠤᠬᠤᠷᠬᠠᠨ ᠬᠤᠭᠤᠴᠠᠭ᠎ᠠ ᠬᠦᠯᠢᠶᠡᠭᠰᠡᠨ ᠤ ᠲᠠᠷᠠᠭ᠎ᠠ᠂ ᠲᠡᠷᠭᠡ ᠤᠨᠤᠭ᠎ᠠ ᠶᠢᠨ ᠪᠠᠭᠳᠠᠭᠠᠮᠵᠢ ᠶᠢᠨ | ᠬᠢᠵᠠᠭᠠᠷᠯᠠᠯ ᠠᠴᠠ ᠪᠣᠯᠵᠤ᠂ ᠡᠩ ᠲᠡᠷᠢᠭᠦᠨ ᠳᠤ 3 ᠬᠦᠮᠦᠨ ᠢ ᠨᠢᠭᠡᠳᠦᠭᠡᠷ ᠪᠦᠯᠦᠭ ᠤᠨ ᠬᠤᠰᠢᠭᠤᠴᠢ ᠠᠩᠭᠢ ᠪᠠᠷ | ᠲᠤᠮᠢᠯᠠᠪᠠ᠂ ᠡᠨᠡ 3 ᠬᠦᠮᠦᠨ ᠪᠣᠯ ᠲᠠᠷᠤᠢ ᠡᠪ ᠬᠠᠮᠳᠤ ᠨᠠᠮ ᠤᠨ ᠭᠡᠰᠢᠭᠦᠨ ᠳ᠋ᠧᠩ ᠰᠢ ᠰᠢᠶᠠᠨ ︵ᠳ᠋ᠧᠩ ᠰᠢᠶᠤᠤ | ᠫᠢᠩ︶ ᠪᠣᠯᠣᠨ ᠸᠠᠩ ᠴᠦᠩ ᠶᠦᠨ᠂ ᠵᠤ᠋ ᠱᠢ ᠡᠾᠧᠩ ᠬᠤᠶᠠᠷ ᠡᠪ ᠬᠠᠮᠳᠤ ᠵᠠᠯᠠᠭᠤᠴᠤᠳ ᠤᠨ ᠬᠡᠰᠢᠭᠦᠨ | ᠪᠤᠯᠤᠨ᠎ᠠ᠃ ᠲᠡᠳᠡ ᠭᠤᠷᠪᠠᠭᠤᠯᠠ ᠶᠢᠨ ᠰᠣᠯᠢᠵᠤ ᠰᠠᠭᠤᠭᠰᠠᠨ ᠲᠡᠷᠭᠡ ᠨᠢ ᠵᠦᠪᠯᠡᠯᠲᠦ ᠬᠤᠯᠪᠤᠭᠠᠳᠤ ᠤᠯᠤᠰ ᠠᠴᠠ | ᠹᠧᠩ ᠢᠥᠢ ᠰᠢᠶᠠᠩ ᠤᠨ ᠴᠡᠷᠢᠭ ᠠᠩᠭᠢ ᠳᠤ ᠰᠣᠮᠤ ᠬᠦᠷᠭᠡᠬᠦ ᠮᠠᠰᠢᠨ ᠲᠡᠷᠭᠡ ᠪᠣᠯᠤᠨ᠎ᠠ᠂ ᠨᠡᠶᠢᠲᠡ 3 ᠮᠠᠰᠢᠨ | ᠲᠡᠷᠭᠡ ᠪᠠᠶᠢᠵᠤ᠂ ᠪᠦᠷ ᠵᠦᠪᠯᠡᠯᠲᠦ ᠬᠤᠯᠪᠤᠭᠠᠳᠤ ᠤᠯᠤᠰ ᠤᠨ ᠬᠦᠮᠦᠨ ᠵᠢᠯᠤᠭᠤᠳᠴᠤ ᠪᠠᠶᠢᠪᠠ᠃ ᠠᠯᠠᠱᠠ ᠶᠢᠨ | ᠬᠢᠯᠢ ᠳᠤ ᠤᠷᠤᠭᠰᠠᠨ ᠤ ᠲᠠᠷᠠᠭ᠎ᠠ᠂ ᠡᠯᠡᠰᠦ ᠮᠠᠩᠬᠠᠨ ᠵᠠᠮ ᠬᠠᠰᠢᠭᠰᠠᠨ ᠠᠴᠠ ᠪᠣᠯᠵᠤ᠂ ᠲᠡᠳᠡ ᠭᠤᠷᠪᠠᠭᠤᠯᠠ ︽ | ᠲᠡᠮᠡᠭᠡ ᠪᠠᠷ ᠪᠦᠬᠦᠯᠢ 8 ᠡᠳᠦᠷ 8 ᠰᠦᠨᠢ ᠠᠶᠠᠯᠠᠵᠤ᠂ ᠰᠠᠶ᠋ᠢ ᠡᠨᠡ ᠬᠦ ᠬᠦᠪᠡᠭᠡ ᠬᠢᠵᠠᠭᠠᠷ ᠨᠢ ᠬᠠᠷᠠᠭᠳᠠᠬᠤ ᠦᠭᠡᠢ | ᠦᠬᠦᠯ ᠤᠨ ᠲᠠᠯᠠᠢ ᠠᠴᠠ ᠭᠠᠷᠴᠤ᠂ ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠳᠤ ᠬᠦᠷᠴᠦ᠂ ᠲᠠᠷᠠᠭ᠎ᠠ ᠨᠢ | ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠠᠴᠠ ᠬᠤᠪᠢᠰᠬᠠᠯ ᠤᠨ ᠡᠮᠦᠨ᠎ᠡ ᠹᠷᠤᠨᠲ ᠲᠤ ᠬᠦᠷᠴᠡᠢ᠃ | ︽ᠡᠪ ᠬᠠᠮᠳᠤ ᠶᠢᠨ ᠢᠨᠲ᠋ᠧᠷᠨᠠᠽᠢᠥᠨᠠᠯ ᠤᠨ ᠲᠦᠯᠦᠭᠡᠯᠡᠭᠴᠢ ᠪᠠᠰᠠ ᠡᠨᠡ ᠬᠦ ᠵᠠᠮ ᠱᠤᠭᠤᠮ ᠢᠶᠠᠷ ᠦᠩᠭᠡᠷᠡᠵᠦ᠂ | ᠨᠢᠭᠡᠳᠦᠭᠡᠷ ᠤᠳᠠᠭ᠎ᠠ ᠶᠢᠨ ᠶᠡᠭᠡ ᠬᠤᠪᠢᠰᠬᠠᠯ ᠢᠯᠠᠭᠳᠠᠭᠰᠠᠨ ᠤ ᠲᠠᠷᠠᠭ᠎ᠠ᠂ ᠲᠤᠮᠳᠠᠳᠤ ᠤᠯᠤᠰ ᠤᠨ ᠡᠪ ᠬᠠᠮᠳᠤ ᠨᠠᠮ | ᠪᠠᠷᠠᠭᠤᠨ ᠬᠤᠶᠢᠳᠤ ᠤᠷᠤᠨ ᠤ ᠬᠤᠪᠢᠰᠬᠠᠯ ᠤᠨ ᠤᠳᠤᠷᠢᠳᠤᠯᠭ᠎ᠠ ᠪᠠᠨ ᠴᠢᠩᠭᠠᠳᠬᠠᠬᠤ ᠶᠢᠨ ᠲᠦᠯᠦᠭᠡ᠂ ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠠᠴᠠ ᠸᠠᠩ ᠷᠦᠸᠧ ᠹᠸᠢ᠂ ᠵᠢᠢ ᠡᠾᠧ᠂ ᠫᠠᠨ ᠡᠸ᠋ᠨ ᠫᠦ᠋ ᠵᠡᠷᠭᠡ | ᠬᠦᠮᠦᠰ ᠢ ᠲᠣᠮᠢᠯᠠᠨ ᠤᠯᠤᠰ ᠲᠠᠭᠠᠨ ᠪᠤᠴᠠᠵᠤ᠂ ᠪᠠᠷᠠᠭᠤᠨ ᠬᠤᠶᠢᠳᠤ ᠤᠷᠤᠨ ᠤ ᠨᠢᠭᠡᠳᠦᠭᠰᠡᠨ ᠨᠠᠮ ᠤᠨ ᠵᠤᠬᠢᠶᠠᠨ | ᠪᠠᠶᠢᠭᠤᠯᠤᠯᠲᠠ ᠶᠢ ᠪᠠᠶᠢᠭᠤᠯᠵᠤ ᠬᠤᠪᠢᠰᠬᠠᠯᠳᠤ ᠲᠡᠮᠡᠴᠡᠯ ᠢ ᠤᠳᠤᠷᠢᠳᠪᠠ᠃ ᠡᠪ ᠬᠠᠮᠳᠤ ᠶᠢᠨ | ᠢᠨᠲ᠋ᠧᠷᠨᠠᠽᠢᠥᠨᠠᠯ ᠠᠴᠠ ᠣᠰᠢᠯᠣᠹ ᠢ ᠲᠣᠮᠢᠯᠠᠵᠤ ᠲᠤᠮᠳᠠᠳᠤ ᠤᠯᠤᠰ ᠤᠨ ᠡᠪ ᠬᠠᠮᠳᠤ ᠨᠠᠮ ᠢ ᠬᠠᠪᠰᠤᠷᠤᠨ ᠪᠠᠷᠠᠭᠤᠨ | ᠬᠤᠶᠢᠳᠤ ᠤᠷᠤᠨ ᠳᠤ ᠠᠵᠢᠯ ᠥᠷᠨᠢᠬᠦᠯᠪᠡ︾ ᠭᠡᠵᠦ ᠬᠤᠸᠠᠩ ᠼᠦᠩ ᠬᠡᠯᠡᠪᠡ᠃ | 1931ᠣᠨ ᠤ 7 ᠰᠠᠷ᠎ᠠ ᠶᠢᠨ ᠰᠡᠭᠦᠯᠴᠢ ᠪᠠᠷ᠂ ᠡᠪ ᠬᠠᠮᠳᠤ ᠶᠢᠨ ᠢᠨᠲ᠋ᠧᠷᠨᠠᠽᠢᠥᠨᠠᠯ ᠤᠨ ᠲᠤᠮᠳᠠᠳᠤ | ᠤᠯᠤᠰ ᠤᠨ ᠲᠦᠯᠦᠭᠡᠯᠡᠭᠴᠢᠳ ᠤᠨ ᠪᠦᠯᠬᠦᠮ ᠸᠠᠩ ᠷᠦᠸᠧ ᠹᠸᠢ᠂ ᠫᠠᠨ ᠡᠸ᠋ᠨ ᠫᠦ᠋ ᠵᠡᠷᠭᠡ ᠬᠦᠮᠦᠰ ᠢ ᠲᠣᠮᠢᠯᠠᠨ | ᠤᠯᠤᠰ ᠲᠠᠭᠠᠨ ᠪᠤᠴᠠᠵᠤ ᠪᠠᠷᠠᠭᠤᠨ ᠬᠤᠶᠢᠳᠤ ᠶᠢᠨ ᠤᠨᠴᠠᠭᠠᠢ ᠬᠤᠷᠢᠶ᠎ᠠ ᠶᠢ ᠪᠠᠶᠢᠭᠤᠯᠵᠤ᠂ ᠱᠠᠨᠰᠢ᠂ ᠭᠠᠨᠰᠤ᠂ | ᠨᠢᠩᠰᠢᠶᠠ᠂ ᠰᠦᠢᠶᠤᠸᠠᠨ ᠵᠡᠷᠭᠡ ᠭᠠᠵᠠᠷ ᠤᠷᠤᠨ ᠳᠤ ᠵᠡᠪᠰᠡᠭᠲᠦ ᠲᠡᠮᠡᠴᠡᠯ ᠥᠷᠨᠢᠭᠦᠯᠪᠡ᠃ ᠸᠠᠩ ᠷᠦᠸᠧ ᠹᠸᠢ | ᠵᠡᠷᠭᠡ ᠬᠦᠮᠦᠰ ᠮᠤᠩᠭᠤᠯ ᠤᠯᠤᠰ ᠤᠨ ᠤᠯᠠᠭᠠᠨᠪᠠᠭᠠᠳᠤᠷ ᠲᠤ ᠬᠦᠷᠦᠭᠰᠡᠨ ᠤ ᠲᠠᠷᠠᠭ᠎ᠠ ᠬᠤᠶᠠᠷ ᠵᠠᠮ ᠬᠤᠪᠢᠶᠠᠪᠠ᠃ | ᠵᠡᠭᠦᠨ ᠵᠠᠮ ᠨᠢ ᠸᠠᠩ ᠷᠦᠸᠧ ᠹᠸᠢ ᠴᠡᠷᠢᠭ ᠲᠠᠭᠠᠭᠤᠯᠤᠨ ᠭᠦᠢᠰᠦ᠋ᠢ ᠪᠠᠷ ᠲᠠᠮᠵᠢᠨ ᠪᠤᠷᠤᠲᠤᠬᠤᠢ ᠤᠷᠴᠢᠮ ᠬᠦᠷᠪᠡ︔ | ᠪᠠᠷᠠᠭᠤᠨ ᠵᠠᠮ ᠤᠨ ᠴᠡᠷᠢᠭ ᠢ ᠫᠠᠨ ᠡᠸ᠋ᠨ ᠫᠦ᠋ ᠳᠠᠭᠠᠭᠤᠯᠤᠨ ᠰᠢᠭᠤᠳ ᠠᠯᠠᠱᠠ ᠬᠤᠰᠢᠭᠤᠨ ᠤ ᠬᠤᠯᠠᠳᠠᠬᠢᠨ ᠢ | ᠠᠮᠤᠷᠵᠢᠭᠤᠯᠬᠤ ᠬᠤᠷᠢᠶ᠎ᠠ ᠵᠦᠭ ᠮᠤᠷᠳᠠᠵᠠᠢ᠃ ︽ᠰᠢᠷ᠎ᠠ ᠯᠣᠣ ᠵᠢᠯ ᠤᠨ ᠬᠡᠷᠡᠭ︾ ᠭᠠᠷᠤᠭᠰᠠᠨ ᠠᠴᠠ ᠠᠯᠠᠱᠠ | ᠬᠤᠰᠢᠭᠤ ᠬᠢᠯᠢ ᠶᠢᠨ ᠬᠠᠷᠠᠭᠤᠯ ᠤᠨ ᠠᠵᠢᠯ ᠢ ᠴᠢᠩᠭᠠᠳᠬᠠᠭᠰᠠᠨ ᠪᠠ ᠭᠠᠳᠠᠨ᠎ᠠ ᠠᠴᠠ ᠢᠷᠡᠭᠰᠡᠨ ᠬᠦᠮᠦᠰ ᠢ | ᠪᠠᠶᠢᠴᠠᠭᠠᠭᠰᠠᠨ ᠠᠴᠠ ᠫᠠᠨ ᠡᠸ᠋ᠨ ᠫᠦ᠋ ᠵᠡᠷᠭᠡ ᠬᠦᠮᠦᠰ ᠠᠯᠠᠱᠠ ᠬᠤᠰᠢᠭᠤᠨ ᠳᠤ ᠬᠦᠷᠦᠮᠡᠭᠴᠡ ᠪᠠᠷᠢᠪᠴᠢᠯᠠᠭᠳᠠᠪᠠ᠃ | ᠲᠠᠷᠠᠭ᠎ᠠ ᠨᠢ᠂ ᠢᠨᠲ᠋ᠧᠷᠨᠠᠽᠢᠥᠨᠠᠯ ᠤᠨ ᠲᠦᠯᠦᠭᠡᠯᠡᠭᠴᠢ ᠣᠰᠢᠯᠣᠹ ᠪᠣᠯᠤᠨ ᠡᠪ ᠬᠠᠮᠳᠤ ᠨᠠᠮ ᠤᠨ ᠭᠡᠰᠢᠭᠦᠨ | ᠲᠦᠮᠡᠨᠪᠠᠶᠠᠷ᠂ ᠡᠷᠳᠡᠨᠢᠪᠢᠯᠢᠭ ᠵᠡᠷᠭᠡ 4 ᠬᠦᠮᠦᠨ 11 ᠰᠠᠷ᠎ᠠ ᠳᠤ ᠮᠤᠩᠭᠤᠯ ᠤᠯᠤᠰ ᠠᠴᠠ ᠬᠢᠯᠢ ᠳᠤ ᠤᠷᠤᠵᠤ | ᠢᠷᠡᠨ᠂ ᠤᠳᠤ ᠶᠢᠨ ᠠᠯᠠᠱᠠ ᠵᠡᠭᠦᠨ ᠬᠤᠰᠢᠭᠤᠨ ᠤ ᠵᠢᠷᠠᠳᠠᠢ ᠶᠢᠨ ᠲᠠᠪᠤᠰᠤᠨ ᠨᠠᠭᠤᠷ ᠤᠨ ᠤᠷᠴᠢᠮ | ᠲᠡᠷᠰᠯᠡᠭᠦᠴᠦᠳ ᠲᠤ ᠪᠦᠰᠡᠯᠡᠭᠳᠡᠨ ᠠᠯᠠᠭᠳᠠᠵᠠᠢ᠃ ᠲᠤᠬᠠᠢ ᠶᠢᠨ ᠵᠢᠯ ᠤᠨ11 ᠰᠠᠷ᠎ᠠ ᠶᠢᠨ 21 ᠤ ᠡᠳᠦᠷ᠂ ᠸᠠᠩ | ᠷᠦᠸᠧ ᠹᠸᠢ ᠪᠤᠭᠤᠳᠤ ᠠᠴᠠ ᠠᠯᠠᠱᠠ ᠬᠤᠰᠢᠭᠤᠨ ᠳᠤ ᠢᠷᠡᠬᠦ ᠪᠠᠷ ᠲᠥᠯᠥᠪᠯᠡᠵᠦ ᠪᠠᠶᠢᠭᠰᠠᠨ ᠡᠮᠦᠨ᠎ᠡ ᠰᠦᠨᠢ | ᠭᠤᠮᠢᠨᠳᠠᠩ ᠤᠨ ᠲᠠᠩᠨᠠᠭᠤᠯ ᠳᠤ ᠪᠠᠷᠢᠪᠴᠢᠯᠠᠭᠳᠠᠨ ᠬᠢᠨᠳᠠᠨ ᠳᠤ ᠤᠷᠤᠪᠠ᠃ | ︽ᠠᠯᠠᠱᠠ ᠤᠷᠤᠨ ᠤᠨᠴᠠᠭᠠᠢ ᠭᠠᠵᠠᠷ ᠵᠦᠢ ᠶᠢᠨ ᠪᠠᠶᠢᠷᠢᠰᠢᠯ ᠪᠣᠯᠤᠨ ᠭᠠᠵᠠᠷ ᠵᠦᠢ ᠶᠢᠨ ᠣᠷᠴᠢᠨ | ᠲᠣᠭᠤᠷᠢᠨ ᠠᠴᠠ ᠪᠣᠯᠵᠤ᠂ ᠲᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ ᠤᠷᠳᠤ | ᠵᠠᠮ ᠤᠨ ᠠᠶᠠᠨ ᠲᠠᠶᠢᠨ ᠤ ᠦᠶ᠎ᠡ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠠᠮᠤᠭ ᠤᠨ ᠲᠡᠭᠡᠳᠦ | ᠤᠳᠤᠷᠢᠳᠬᠤ ᠬᠦᠮᠦᠨ ᠠᠩᠬᠠᠷᠤᠯ ᠢᠶᠠᠨ ᠠᠯᠠᠱᠠ ᠳᠤ ᠬᠠᠨᠳᠤᠭᠤᠯᠬᠤ ᠶᠢᠨ ᠬᠠᠮᠳᠤ ᠨᠢᠭᠡᠨ ᠴᠢᠬᠤᠯᠠ ᠰᠢᠢᠳᠪᠦᠷᠢᠲᠦ | ᠪᠣᠳᠤᠯᠭ᠎ᠠ ᠲᠣᠭᠲᠠᠭᠠᠪᠠ᠄ ᠤᠮᠠᠷᠠᠰᠢ ᠬᠠᠳᠤᠨ ᠭᠤᠣᠯ ᠢ ᠭᠠᠳᠤᠯᠤᠨ ᠠᠯᠠᠱᠠ ᠶᠢ ᠡᠵᠡᠯᠡᠵᠦ᠂ ᠤᠯᠠᠨ ᠤᠯᠤᠰ ᠤᠨ | ᠵᠠᠮ ᠱᠤᠭᠤᠮ ᠢ ᠨᠡᠪᠳᠡᠷᠡᠭᠦᠯᠵᠦ᠂ ᠡᠪ ᠬᠠᠮᠳᠤ ᠶᠢᠨ ᠢᠨᠲ᠋ᠧᠷᠨᠠᠽᠢᠥᠨᠠᠯ ᠪᠣᠯᠤᠨ ᠵᠦᠪᠯᠡᠯᠲᠦ ᠬᠤᠯᠪᠤᠭᠠᠳᠤ ᠤᠯᠤᠰ ᠤᠨ | ᠵᠡᠷ ᠵᠡᠪᠰᠡᠭ ᠤᠨ ᠲᠤᠰᠠᠯᠠᠮᠵᠢ ᠶᠢ ᠣᠯᠵᠤ᠂ ᠪᠠᠷᠠᠭᠤᠨ ᠬᠤᠶᠢᠳᠤ ᠤᠷᠤᠨ ᠠᠴᠠ ᠶᠠᠫᠤᠨ ᠢ ᠡᠰᠡᠷᠭᠦᠴᠡᠬᠦ ᠪᠠᠶᠢᠳᠠᠯ ᠢ | ᠨᠡᠭᠡᠭᠡᠪᠡ︾ ᠭᠡᠵᠦ ᠬᠤᠸᠠᠩ ᠼᠦᠩ ᠶᠠᠷᠢᠵᠤ ᠪᠠᠶᠢᠯ᠎ᠠ᠃1935 ᠣᠨ ᠤ 9 ᠰᠠᠷ᠎ᠠ ᠶᠢᠨ 9 ᠤ ᠡᠳᠦᠷ᠂ ᠮᠠᠦ ᠽᠧ | ᠳ᠋ᠦᠩ ᠲᠥᠪ ᠬᠤᠷᠢᠶ᠎ᠠ ᠪᠣᠯᠤᠨ ᠤᠯᠠᠭᠠᠨ ᠨᠢᠭᠡᠳᠦᠭᠡᠷ ᠹᠷᠤᠨᠲ ᠤᠨ ᠴᠡᠷᠢᠭ ᠢ ᠲᠠᠭᠠᠭᠤᠯᠤᠨ ᠲᠤᠰᠠᠭᠠᠷ ᠢᠶᠠᠨ | ᠤᠮᠠᠷᠠᠰᠢ ᠮᠤᠷᠳᠠᠵᠤ᠂ 9 ᠰᠠᠷ᠎ᠠ ᠶᠢᠨ 12 ᠤᠨ ᠡᠳᠦᠷ ᠤᠷᠤᠰ ᠤᠨ ᠡᠳᠡᠭᠡᠳ ᠤᠨ ᠬᠢᠨ ᠤ ᠬᠤᠷᠠᠯ ᠢ | ᠬᠤᠷᠠᠯᠳᠤᠭᠤᠯᠵᠤ᠂ ᠮᠠᠦ ᠽᠧ ᠳ᠋ᠦᠩ ᠤᠮᠠᠷᠠᠰᠢ ᠮᠤᠷᠳᠠᠵᠤ ᠤᠯᠠᠨ ᠤᠯᠤᠰ ᠤᠨ ᠵᠠᠮ ᠱᠤᠭᠤᠮ ᠢ ᠨᠡᠪᠳᠡᠷᠡᠭᠦᠯᠬᠦ | ᠪᠠᠶᠢᠯᠳᠤᠬᠤ ᠪᠣᠳᠤᠯᠭ᠎ᠠ ᠶᠢᠨ ᠠᠴᠢ ᠬᠤᠯᠪᠤᠭᠳᠠᠯ ᠢ ᠴᠢᠬᠤᠯᠠᠴᠢᠯᠠᠪᠠ᠃ | ᠤᠯᠠᠭᠠᠨ ᠴᠡᠷᠢᠭ ᠤᠷᠳᠤ ᠵᠠᠮ ᠤᠨ ᠠᠶᠠᠨ ᠲᠠᠶᠢᠨ ᠢᠶᠠᠨ ᠡᠬᠢᠯᠡᠭᠦᠯᠦᠭᠰᠡᠨ ᠤ ᠲᠠᠷᠠᠭ᠎ᠠ᠂ ᠳᠠᠷᠤᠢ ᠡᠪ | ᠬᠠᠮᠳᠤ ᠶᠢᠨ ᠢᠨᠲ᠋ᠧᠷᠨᠠᠽᠢᠥᠨᠠᠯ ᠲᠠᠢ ᠬᠠᠷᠢᠯᠴᠠᠭ᠎ᠠ ᠲᠠᠰᠤᠷᠠᠵᠠᠢ᠃ ᠭᠡᠪᠡᠴᠦ ᠡᠪ ᠬᠠᠮᠳᠤ ᠶᠢᠨ ᠢᠨᠲ᠋ᠧᠷᠨᠠᠽᠢᠥᠨᠠᠯ | ᠲᠤᠮᠳᠠᠳᠤ ᠤᠯᠤᠰ ᠤᠨ ᠬᠤᠪᠢᠰᠬᠠᠯ ᠢ ᠠᠩᠬᠠᠷᠤᠭᠰᠠᠭᠠᠷ ᠢᠷᠡᠵᠡᠢ᠃1935 ᠣᠨ ᠤ 7 ᠰᠠᠷ᠎ᠠ ᠳᠤ᠂ ᠡᠪ | ᠬᠠᠮᠳᠤ ᠶᠢᠨ ᠢᠨᠲ᠋ᠧᠷᠨᠠᠽᠢᠥᠨᠠᠯ ᠲᠤᠯᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢᠶᠠᠨ | ᠬᠤᠷᠠᠯᠳᠤᠭᠤᠯᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠳᠤ ᠡᠪ ᠬᠠᠮᠳᠤ ᠶᠢᠨ | ᠢᠨᠲ᠋ᠧᠷᠨᠠᠽᠢᠥᠨᠠᠯ ᠤᠨ ᠲᠤᠯᠤᠳᠤᠭᠠᠷ ᠶᠡᠭᠡ ᠬᠤᠷᠠᠯ ᠪᠠ ︽8.1 ᠤ ᠲᠤᠩᠬᠠᠭ︾ ᠤᠨ ᠰᠢᠨ᠎ᠡ ᠦᠵᠡᠯ ᠰᠠᠨᠠᠭ᠎ᠠ᠂ | ᠰᠢᠨ᠎ᠡ ᠠᠷᠭ᠎ᠠ ᠪᠣᠳᠤᠯᠭ᠎ᠠ ᠶᠢ ᠲᠦᠷᠭᠡᠨ ᠣᠶᠢᠯᠠᠭᠠᠭᠤᠯᠬᠤ ᠶᠢᠨ ᠲᠥᠯᠥᠭᠡ᠂ ᠲᠤᠮᠳᠠᠳᠤ ᠤᠯᠤᠰ ᠤᠨ ᠡᠪ ᠬᠠᠮᠳᠤ | ᠨᠠᠮ ᠤᠨ ᠲᠥᠯᠦᠭᠡᠯᠡᠭᠴᠢᠳ ᠤᠨ ᠪᠦᠯᠬᠦᠮ ᠯᠢᠨ ᠢᠥᠢ ᠶᠢᠩ ︵ᠵᠠᠩ ᠬᠤᠣ︶ ᠢ ᠲᠣᠮᠢᠯᠠᠨ ᠲᠠᠷᠤᠢ ᠲᠦᠷᠭᠡᠨ ᠤᠯᠤᠰ | ᠲᠠᠭᠠᠨ ᠪᠤᠴᠠᠵᠤ ᠤᠯᠠᠮᠵᠢᠯᠠᠭᠤᠯᠪᠠ᠃ ︽ᠯᠢᠨ ᠢᠥᠢ ᠶᠢᠩ ᠤᠯᠤᠰ ᠲᠠᠭᠠᠨ ᠪᠤᠴᠠᠵᠤ ᠢᠷᠡᠭᠰᠡᠨ ᠵᠠᠮ ᠨᠢ ᠲᠠᠷᠤᠢ | ᠲᠤᠬᠠᠢ ᠶᠢᠨ ᠵᠢᠯ ᠤᠨ ᠳ᠋ᠧᠩ ᠰᠢᠶᠤᠤ ᠫᠢᠩ ᠤᠨ ᠶᠠᠪᠤᠵᠤ ᠦᠩᠭᠡᠷᠡᠭᠰᠡᠨ ᠡᠷᠲᠡᠨ ᠤ ᠲᠡᠮᠡᠭᠡᠨ ᠵᠠᠮ ᠪᠣᠯᠤᠨ᠎ᠠ᠂ | ᠲᠡᠮᠡᠭᠡ ᠤᠨᠤᠵᠤ ᠠᠯᠠᠱᠠ ᠳᠤ ᠤᠷᠤᠵᠤ ᠢᠷᠡᠭᠰᠡᠨ ᠤ ᠳᠠᠷᠠᠭ᠎ᠠ᠂ ᠴᠠᠭᠠᠯᠠᠵᠤ ᠪᠠᠶᠢᠴᠠᠭᠠᠬᠤ ᠶᠢ ᠠᠷᠭᠠᠴᠠᠭᠠᠬᠤ ᠶᠢᠨ | ᠲᠥᠯᠦᠭᠡ᠂ ᠲᠡᠷᠡ ᠨᠢᠭᠤᠴᠠ ᠴᠠᠬᠢᠯᠭᠠᠨ ᠮᠡᠳᠡᠭᠡᠯᠡᠭᠴᠢ ᠵᠣᠣ ᠢᠥᠢ ᠵᠧᠨ ᠲᠠᠢ ᠬᠠᠮᠳᠤ ᠠᠶᠢᠯ ᠲᠤᠰᠬᠤᠨ ᠢᠶᠠᠷ | ᠬᠡᠰᠦᠳᠡᠭ ᠪᠠᠷᠠᠭ᠎ᠠ ᠬᠤᠳᠠᠯᠳᠤᠭᠴᠢ ᠪᠠᠷ ᠣᠪᠯᠠᠵᠤ᠂ ᠠᠷᠠᠰᠤᠨ ᠲᠡᠪᠡᠯ ᠡᠮᠦᠰᠦᠨ ᠪᠠᠷᠠᠭᠠᠨ ᠤ ᠰᠠᠭᠰᠤ ᠳᠠᠮᠨᠠᠵᠤ᠂ | ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠪᠠᠷ ᠲᠠᠮᠵᠢᠨ ᠢᠷᠭᠠᠢ ᠳᠤ ᠬᠦᠷᠴᠡᠢ᠃ 3 ᠰᠠᠷ᠎ᠠ ᠶᠢᠨ ᠬᠤᠯᠠ | ᠠᠶᠠᠯᠠᠯ ᠢᠶᠠᠷ ᠲᠠᠮᠵᠢᠨ᠂ ᠡᠴᠦᠰ ᠲᠡᠭᠡᠨ ᠡᠪ ᠬᠠᠮᠳᠤ ᠶᠢᠨ ᠢᠨᠲ᠋ᠧᠷᠨᠠᠽᠢᠥᠨᠠᠯ ᠲᠠᠢ ᠤᠷᠳᠤ ᠬᠤᠭᠤᠴᠠᠭ᠎ᠠ ᠪᠠᠷ | ᠴᠠᠬᠢᠯᠭᠠᠨ ᠬᠤᠯᠪᠤᠭ᠎ᠠ ᠲᠠᠰᠤᠷᠠᠭᠰᠠᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢ ᠡᠷᠢᠵᠦ | ᠣᠯᠪᠠ᠃ ᠵᠠᠩ ᠬᠤᠣ ᠶᠢᠨ ᠬᠦᠷᠴᠦ ᠢᠷᠡᠭᠰᠡᠨ ᠨᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠡᠥᠭᠡᠨ | ᠲᠡᠭᠡᠷᠡᠬᠢ ᠨᠢᠭᠡᠨ ᠲᠤᠮᠤ ᠶᠠᠪᠤᠳᠠᠯ ᠪᠣᠯᠤᠨ᠎ᠠ᠂ ᠲᠤᠮᠳᠠᠳᠤ ᠤᠯᠤᠰ ᠤᠨ ᠬᠠᠮᠳᠤ ᠨᠠᠮ ᠤᠨ ᠲᠥᠪ ᠬᠤᠷᠢᠶ᠎ᠠ | ᠡᠭᠦᠨ ᠠᠴᠠ ᠡᠬᠢᠯᠡᠨ ᠡᠪ ᠬᠠᠮᠳᠤ ᠶᠢᠨ ᠢᠨᠲ᠋ᠧᠷᠨᠠᠽᠢᠥᠨᠠᠯ ᠲᠠᠢ ᠬᠠᠷᠢᠯᠴᠠᠭ᠎ᠠ ᠪᠠᠨ ᠰᠡᠷᠭᠦᠭᠡᠪᠡ᠃ 1935 ᠣᠨ ᠤ | 12 ᠰᠠᠷ᠎ᠠ ᠶᠢᠨ 17 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠸᠠ ᠶᠤᠤ | ᠪᠣᠣ ᠳᠤ ᠤᠯᠤᠰ ᠲᠥᠷᠥ ᠶᠢᠨ ᠲᠣᠪᠴᠢᠶᠠᠨ ᠤ ᠥᠷᠭᠡᠳᠭᠡᠭᠰᠡᠨ ᠬᠤᠷᠠᠯ ᠬᠤᠷᠠᠯᠳᠤᠭᠤᠯᠵᠤ᠂ ᠵᠠᠩ ᠬᠤᠣ ᠶᠡᠭᠡ | ᠬᠤᠷᠠᠯ ᠳᠤ ᠡᠪ ᠬᠠᠮᠳᠤ ᠶᠢᠨ ᠢᠨᠲ᠋ᠧᠷᠨᠠᠽᠢᠥᠨᠠᠯ ᠤᠨ ᠵᠢᠭᠠᠪᠤᠷᠢ ᠶᠢ ᠤᠯᠠᠮᠵᠢᠯᠠᠪᠠ︾ ᠭᠡᠵᠦ ᠬᠤᠸᠠᠩ ᠼᠦᠩ ᠬᠡᠯᠡᠯ᠎ᠡ᠃ | | ︽ᠭᠤᠷᠪᠠᠨ ᠶᠡᠭᠡ ᠭᠤᠣᠯ ᠬᠦᠴᠦᠨ ᠤ ᠣᠯᠠᠭᠠᠨ ᠴᠡᠷᠢᠭ ᠢᠯᠠᠯᠲᠠ ᠲᠠᠢ ᠪᠠᠷ ᠴᠡᠷᠢᠭ ᠨᠡᠶᠢᠯᠡᠭᠰᠡᠨ ᠤ | ᠲᠠᠷᠠᠭ᠎ᠠ᠂ ᠨᠠᠮ ᠤᠨ ᠲᠥᠪ ᠬᠤᠷᠢᠶ᠎ᠠ ᠠᠴᠠ ᠢᠨᠲ᠋ᠧᠷᠨᠠᠽᠢᠥᠨᠠᠯ ᠤᠨ ᠵᠠᠮ ᠱᠤᠭᠤᠮ ᠢ ᠨᠡᠪᠳᠡᠷᠡᠭᠦᠯᠬᠦ ᠴᠠᠭ ᠲᠤᠬᠢᠶᠠᠯ | ᠪᠣᠯᠪᠠᠰᠤᠷᠠᠩᠭᠤᠢ ᠪᠣᠯᠵᠠᠢ ᠭᠡᠵᠦ ᠦᠵᠡᠵᠡᠢ᠃ ᠲᠡᠭᠡᠭᠡᠳ ᠨᠢᠩᠰᠢᠶᠠ ᠶᠢᠨ ᠲᠠᠶᠢᠯᠠᠯᠳᠤᠭᠠᠨ ᠢ ᠲᠠᠶᠢᠴᠢᠯᠠᠵᠠᠢ᠃ | ᠨᠢᠩᠰᠢᠶᠠ ᠶᠢᠨ ᠲᠠᠶᠢᠯᠠᠯᠳᠤᠭᠠᠨ ᠤ ᠬᠠᠷᠠᠯᠲᠠ ᠨᠢ ᠳᠠᠷᠤᠢ ᠥᠨᠥᠳᠥᠷ ᠤᠨ ᠠᠯᠠᠱᠠ ᠶᠢᠨ ᠭᠠᠵᠠᠷ ᠤᠷᠤᠨ ᠢ | ᠪᠠᠭᠲᠠᠭᠠᠭᠰᠠᠨ ᠨᠢᠩᠰᠢᠶᠠ ᠮᠣᠵᠢ ᠪᠣᠯᠤᠨ ᠭᠠᠨᠰᠦ ᠶᠢᠨ ᠤᠮᠠᠷᠠᠳᠤ ᠬᠡᠰᠡᠭ ᠤᠨ ᠭᠠᠵᠠᠷ ᠤᠷᠤᠨ ᠢ ᠡᠵᠡᠯᠡᠵᠦ᠂ | ᠲᠤᠮᠳᠠᠳᠤ ᠮᠣᠩᠭᠤᠯ ᠤᠨ ᠬᠢᠯᠢ ᠬᠢᠵᠠᠭᠠᠷ ᠠᠴᠠ ᠡᠪ ᠬᠠᠮᠳᠤ ᠶᠢᠨ ᠢᠨᠲ᠋ᠧᠷᠨᠠᠽᠢᠥᠨᠠᠯ ᠤᠨ ᠬᠠᠪᠰᠤᠷᠤᠨ ᠲᠡᠳᠬᠦᠬᠦ ᠡᠳ᠋ | ᠪᠤᠳᠠᠰ ᠢ ᠬᠦᠯᠢᠶᠡᠨ ᠠᠪᠬᠤ ᠶᠠᠪᠤᠳᠠᠯ ᠪᠣᠯᠤᠨ᠎ᠠ᠃ ᠢᠩᠭᠢᠭᠡᠳ ᠠᠯᠠᠱᠠ ᠶᠢᠨ ᠬᠤᠯᠠᠳᠠᠬᠢᠨ ᠢ ᠠᠮᠤᠷᠵᠢᠭᠤᠯᠬᠤ | ᠬᠤᠷᠢᠶ᠎ᠠ ᠨᠢ ᠤᠯᠠᠭᠠᠨ ᠴᠡᠷᠢᠭ ᠤᠨ ᠪᠠᠶᠢᠯᠳᠤᠬᠤ ᠪᠣᠳᠤᠯᠭ᠎ᠠ ᠶᠢᠨ ᠬᠠᠷᠠᠯᠲᠠ ᠶᠢᠨ ᠤᠷᠤᠨ ᠪᠣᠯᠵᠤ᠂ ᠨᠢᠭᠡᠨᠲᠡ | ᠮᠡᠳᠡᠭᠰᠡᠨ ᠲᠥᠪ ᠬᠤᠷᠢᠶ᠎ᠠ ᠪᠣᠯᠤᠨ ᠤᠯᠠᠭᠠᠨ ᠴᠡᠷᠢᠭ ᠤᠨ ᠡᠮᠦᠨ᠎ᠡ ᠹᠷᠤᠨᠲ ᠤᠨ ᠴᠠᠬᠢᠯᠭᠠᠨ ᠮᠡᠳᠡᠭᠡ ᠳᠤ ︿ | ᠬᠤᠯᠠᠳᠠᠬᠢᠨ ᠢ ᠲᠤᠭᠲᠠᠭᠠᠬᠤ ᠬᠤᠷᠢᠶ᠎ᠠ﹀ ᠶᠢ 20 ᠭᠠᠷᠤᠢ ᠤᠳᠠᠭ᠎ᠠ ᠲᠤᠷᠠᠳᠴᠠᠢ︾ ᠭᠡᠵᠦ ᠬᠤᠸᠠᠩ ᠼᠦᠩ ᠬᠡᠯᠡᠪᠡ | ᠃ | 1936 ᠣᠨ ᠤ 10 ᠰᠠᠷ᠎ᠠ ᠳᠤ᠂ ᠲᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ | ᠰᠢᠨᠵᠢᠶᠠᠩ ᠡᠰᠡᠬᠦᠯ᠎ᠡ ᠨᠢᠩᠰᠢᠶᠠ ︵ᠤᠳᠤ ᠶᠢᠨ ᠠᠯᠠᠱᠠ ᠠᠶᠢᠮᠠᠭ︶ ᠠᠴᠠ ᠠᠷᠤ ᠮᠤᠩᠭᠤᠯ᠂ ᠵᠦᠪᠯᠡᠯᠲᠦ | ᠬᠤᠯᠪᠤᠭᠠᠳᠤ ᠤᠯᠤᠰ ᠲᠠᠢ ᠨᠡᠪᠲᠡᠷᠡᠵᠦ᠂ ᠡᠪ ᠬᠠᠮᠳᠤ ᠶᠢᠨ ᠢᠨᠲ᠋ᠧᠷᠨᠠᠽᠢᠥᠨᠠᠯ ᠤᠨ ᠬᠠᠪᠰᠤᠷᠤᠯᠭ᠎ᠠ ᠶᠢ ᠬᠦᠯᠢᠶᠡᠨ | ᠠᠪᠬᠤ ᠪᠠᠷ ᠲᠥᠯᠥᠪᠯᠡᠵᠡᠢ᠃ ᠬᠤᠵᠢᠮ ᠨᠢ ᠨᠢᠩᠰᠢᠶᠠ ᠮᠣᠵᠢ ᠳᠤ ᠬᠠᠷᠢᠶᠠᠯᠠᠭᠳᠠᠵᠤ ᠪᠠᠶᠢᠭᠰᠠᠨ ᠠᠯᠠᠱᠠ | ᠬᠤᠰᠢᠭᠤ ᠶᠢᠨ ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠠᠴᠠ ᠵᠠᠮ ᠨᠡᠪᠲᠡᠷᠡᠭᠦᠯᠬᠦ ᠪᠠᠷ ᠲᠤᠭᠲᠠᠵᠠᠢ᠃ ᠭᠤᠮᠢᠨᠳᠠᠩ | ᠨᠠᠮ ᠤᠨ ᠴᠡᠷᠢᠭ ᠠᠩᠭᠢ ᠶᠢᠨ ᠶᠡᠭᠡ ᠴᠡᠷᠢᠭ ᠤᠨ ᠪᠦᠰᠡᠯᠡᠯᠲᠡ ᠠᠴᠠ ᠪᠣᠯᠵᠤ᠂ ᠤᠯᠠᠭᠠᠨ ᠴᠡᠷᠢᠭ ᠤᠨ ᠭᠤᠣᠯ | ᠬᠦᠴᠦᠨ ᠬᠠᠳᠤᠨ ᠭᠤᠣᠯ ᠢ ᠲᠡᠷᠡ ᠪᠦᠬᠦᠨ ᠢᠶᠠᠷ ᠢᠶᠠᠨ ᠭᠠᠳᠤᠯᠵᠤ ᠲᠡᠶᠢᠯᠦᠭᠰᠡᠨ ᠦᠭᠡᠢ᠃11 ᠰᠠᠷ᠎ᠠ ᠶᠢᠨ 2 ᠤᠨ | ᠡᠳᠦᠷ᠂ ᠡᠪ ᠬᠠᠮᠳᠤ ᠶᠢᠨ ᠢᠨᠲ᠋ᠧᠷᠨᠠᠽᠢᠥᠨᠠᠯ ᠠᠴᠠ ᠨᠠᠮ ᠤᠨ ᠲᠥᠪ ᠬᠤᠷᠢᠶ᠎ᠠ ᠳᠤ ᠴᠠᠬᠢᠯᠭᠠᠨ ᠶᠠᠪᠤᠭᠤᠯᠵᠤ᠂ | ᠣᠣᠯ ᠤᠨ ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠳᠤ ᠡᠳ᠋ ᠪᠤᠳᠠᠰ ᠤᠨ ᠲᠡᠮᠵᠢᠯᠭᠡ ᠬᠦᠯᠢᠶᠡᠨ ᠠᠪᠬᠤ | ᠲᠥᠯᠥᠪᠯᠡᠭᠡ ᠪᠠᠨ ᠬᠤᠪᠢᠷᠠᠭᠤᠯᠵᠤ᠂ ᠤᠯᠠᠭᠠᠨ ᠴᠡᠷᠢᠭ ᠢ ᠱᠠᠭᠠᠷᠳᠠᠨ ᠰᠢᠨᠵᠢᠶᠠᠩ ᠤᠨ ᠬᠢᠯᠢ ᠬᠢᠵᠠᠭᠠᠷ ᠲᠤ ᠡᠳ᠋ | ᠪᠤᠳᠠᠰ ᠬᠦᠯᠢᠶᠡᠨ ᠠᠪᠤᠭᠤᠯᠵᠤ᠂ ᠤᠯᠠᠭᠠᠨ ᠴᠡᠷᠢᠭ ᠠᠯᠪᠠᠳᠠᠯᠭ᠎ᠠ ᠠᠴᠠ ᠪᠣᠯᠵᠤ ᠨᠢᠩᠰᠢᠶᠠ ᠶᠢᠨ | ᠲᠠᠶᠢᠯᠠᠯᠳᠤᠭᠠᠨ ᠢᠶᠠᠨ ᠵᠤᠭᠰᠤᠭᠠᠵᠠᠢ᠃ ᠨᠢᠩᠰᠢᠶᠠ ᠶᠢᠨ ᠲᠠᠶᠢᠯᠠᠯᠳᠤᠭᠠᠨ 1936 ᠣᠨ ᠤ 10 ᠰᠠᠷ᠎ᠠ ᠶᠢᠨ 24 ᠤ | ᠡᠳᠦᠷ ᠠᠴᠠ ᠡᠬᠢᠯᠡᠵᠦ 11 ᠰᠠᠷ᠎ᠠ ᠶᠢᠨ 8 ᠤ ᠡᠳᠦᠷ ᠳᠠᠭᠤᠰᠴᠤ᠂16 ᠡᠳᠦᠷ ᠤᠨ ᠬᠤᠭᠤᠴᠠᠭ᠎ᠠ ᠶᠢ | ᠥᠩᠭᠡᠷᠡᠭᠦᠯᠵᠦ᠂ ᠪᠠᠷᠤᠭ ᠤᠯᠠᠭᠠᠨ ᠴᠡᠷᠢᠭ ᠤᠨ ᠪᠦᠬᠦᠶᠢᠯᠡ ᠬᠦᠴᠦᠨ ᠴᠢᠳᠠᠯ ᠢ ᠳᠠᠶᠢᠴᠢᠯᠠᠭᠰᠠᠨ ᠴᠤ | ᠭᠤᠮᠢᠨᠳᠠᠩ ᠤᠨ ᠴᠡᠷᠢᠭ ᠠᠩᠭᠢ ᠶᠢᠨ ᠪᠦᠰᠡᠯᠡᠨ ᠨᠡᠬᠡᠮᠵᠢᠯᠡᠯᠲᠡ ᠶᠢ ᠶᠡᠷᠦ ᠠᠴᠠ ᠰᠢᠪᠳᠤᠯᠵᠤ ᠲᠡᠶᠢᠯᠦᠭᠰᠡᠨ ᠦᠭᠡᠢ | ᠬᠠᠷᠢᠨ ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠠᠴᠠ ᠤᠶᠢᠷᠠᠬᠠᠨ ᠪᠣᠯᠵᠠᠢ᠃1937 ᠣᠨ ᠤ ᠬᠠᠪᠤᠷ ᠨᠠᠮᠤᠷ᠂ | ᠬᠠᠳᠤᠨ ᠭᠤᠣᠯ ᠢ ᠭᠠᠳᠤᠯᠤᠭᠰᠠᠨ ᠤᠯᠠᠭᠠᠨ ᠴᠡᠷᠢᠭ ᠤᠨ ᠪᠠᠷᠠᠭᠤᠨ ᠵᠠᠮ ᠤᠨ ᠴᠡᠷᠢᠭ ᠤᠨ ᠦᠯᠡᠳᠡᠭᠰᠡᠨ ᠬᠡᠰᠡᠭ | ᠠᠯᠠᠱᠠ ᠠᠶᠢᠮᠠᠭ ᠤᠨ ᠡᠯᠡᠰᠦᠨ ᠴᠦᠯ ᠢ ᠲᠤᠭᠤᠷᠢᠨ ᠦᠩᠭᠡᠷᠡᠵᠦ᠂ ᠦᠪᠦᠷ ᠮᠤᠩᠭᠤᠯ ᠭᠠᠨᠰᠦ ᠨᠢᠩᠰᠢᠶᠠ ᠶᠢᠨ | ᠠᠭᠤᠯᠵᠠᠷ ᠲᠠᠬᠢ ᠠᠯᠠᠱᠠ ᠬᠤᠰᠢᠭᠤ ᠶᠢᠨ ᠶᠢᠨ ᠫᠠᠨ ᠱᠦᠢ ︵ᠣᠳᠣ ᠶᠢᠨ ᠤᠨᠳᠤᠷᠤᠯᠳᠤ ᠪᠠᠯᠭᠠᠰᠤ︶ ᠠᠴᠠ | ᠬᠠᠳᠤᠨᠭᠤᠣᠯ ᠢ ᠭᠠᠳᠤᠯᠵᠤ᠂ ᠬᠤᠪᠢᠰᠬᠠᠯ ᠤᠨ ᠲᠠᠷᠬᠠᠨ ᠤᠷᠤᠨ ᠶᠠᠨ ᠠᠨ ᠳᠤ ᠪᠤᠴᠠᠪᠠ ᠃ | ᠬᠤᠪᠢᠰᠬᠠᠯ ᠤᠨ ᠭᠧᠨ ᠢ ᠤᠯᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ | ᠦᠶ᠎ᠡ ᠶᠢᠨ ᠰᠢᠨ᠎ᠡ ᠬᠦᠮᠦᠨ ᠪᠣᠯᠬᠤ ᠪᠠᠷ ᠲᠡᠮᠡᠴᠡᠬᠦ ᠳᠤ ᠬᠠᠷᠢᠭᠤᠴᠠᠯᠭ᠎ᠠ ᠬᠦᠨᠳᠦ ᠴᠢᠬᠤᠯᠠ᠂ ᠠᠴᠢ ᠬᠤᠯᠪᠤᠭᠳᠠᠯ | ᠭᠦᠨ ᠬᠦᠨᠵᠡᠭᠡᠢ ᠪᠠᠶᠢᠳᠠᠭ᠃ ᠬᠤᠪᠢᠰᠬᠠᠯ ᠤᠨ ᠤᠷᠢᠳᠤᠰ ᠤᠨ ᠡᠷᠡᠯᠬᠡᠭ ᠪᠠᠭᠠᠳᠤᠷᠯᠢᠭ ᠦᠢᠯᠡ ᠶᠠᠪᠤᠳᠠᠯ ᠢ | ᠲᠤᠷᠠᠰᠤᠨ ᠰᠠᠨᠠᠭᠠᠯᠵᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠶᠢᠨ ᠲᠥᠯᠦᠭᠡ᠂ | ᠠᠯᠠᠱᠠ ᠠᠶᠢᠮᠠᠭ ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠳᠤ ︽ᠡᠪ ᠬᠠᠮᠳᠤ ᠶᠢᠨ | ᠢᠨᠲ᠋ᠧᠷᠨᠠᠽᠢᠥᠨᠠᠯ ᠤᠨ ᠪᠠᠶᠢᠯᠳᠤᠭᠴᠢ ᠵᠡᠷᠭᠡ ᠲᠥᠷᠪᠡᠨ ᠪᠠᠭᠠᠲᠤᠷ ᠤᠨ ᠪᠡᠶ᠎ᠡ ᠥᠷᠡᠭᠳᠡᠭᠰᠡᠨ ᠭᠠᠵᠠᠷ︾ ᠭᠡᠬᠦ | ᠳᠤᠷᠠᠰᠬᠠᠯ ᠤᠨ ᠬᠦᠰᠢᠶ᠎ᠡ ᠪᠤᠰᠬᠠᠵᠤ᠂ ᠰᠢᠷᠠᠪᠦ᠋ᠷᠢᠲᠦ ᠪᠣᠯᠤᠨ ᠤᠨᠳᠤᠷᠤᠯᠳᠤ ᠳᠤ ︽ᠠᠯᠠᠱᠠ ᠶᠢᠨ ᠡᠪ ᠬᠠᠮᠳᠤ ᠶᠢᠨ | ᠢᠨᠲ᠋ᠧᠷᠨᠠᠽᠢᠥᠨᠠᠯ ᠤᠨ ᠨᠢᠭᠤᠴᠠ ᠪᠠᠷ ᠨᠡᠪᠲᠡᠷᠡᠬᠦ ᠵᠠᠮ · ᠲᠡᠨᠵᠢ ᠶᠢᠨ ᠫᠦᠰᠡ ᠶᠢᠨ ᠥᠷᠳᠡᠭᠡ ᠶᠢᠨ ᠪᠠᠭᠤᠷᠢ︾ | ᠵᠢᠴᠢ ︽ᠲᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ ᠪᠠᠷᠠᠭᠤᠨ ᠵᠠᠮ ᠤᠨ ᠴᠡᠷᠢᠭ ᠤᠨ | ᠳᠠᠷᠤᠭ᠎ᠠ ᠪᠠᠶᠢᠯᠳᠤᠭᠴᠢ ᠶᠢᠨ ᠠᠯᠠᠱᠠ ᠪᠠᠷ ᠥᠩᠭᠡᠷᠡᠭᠰᠡᠨ ᠪᠠᠭᠤᠷᠢ︾ ᠭᠡᠬᠦ ᠳᠤᠷᠠᠰᠬᠠᠯ ᠤᠨ ᠬᠦᠰᠢᠶ᠎ᠡ ᠶᠢ ᠵᠠᠰᠠᠨ | ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠮᠦᠷᠡᠠᠭᠤᠤᠯ ᠤᠨ ᠥᠷᠡᠭᠳᠡᠭᠰᠡᠨ ᠪᠠᠭᠠᠲᠤᠷᠴᠤᠳ ᠤᠨ ᠪᠣᠩᠬᠤᠨ ᠤ | ᠬᠦᠷᠢᠶᠡᠯᠡᠩ ᠢ ᠵᠠᠰᠠᠵᠤ ᠪᠠᠶᠢᠭᠤᠯᠵᠠᠢ᠃ ᠤᠳᠤᠬᠠᠨ ᠤ ᠮᠦᠷᠡᠠᠭᠤᠤᠯ ᠤᠨ ᠥᠷᠡᠭᠳᠡᠭᠰᠡᠨ ᠪᠠᠭᠠᠳᠤᠷᠴᠤᠳ ᠤᠨ | ᠪᠤᠩᠬᠤᠨ ᠤ ᠬᠦᠷᠢᠶᠡᠯᠡᠩ ᠳᠤ᠂ ᠡᠪ ᠬᠠᠮᠳᠤ ᠶᠢᠨ ᠢᠨᠲ᠋ᠧᠷᠨᠠᠽᠢᠥᠨᠠᠯ ᠤᠨ ᠲᠦᠯᠦᠭᠡᠯᠡᠭᠴᠢ ᠣᠰᠢᠯᠤᠹ᠂ ᠲᠦᠮᠡᠨᠪᠠᠶᠠᠷ | ᠵᠡᠷᠭᠡ ᠬᠤᠪᠢᠰᠬᠠᠯ ᠤᠨ ᠥᠷᠡᠭᠳᠡᠭᠰᠡᠨ ᠪᠠᠭᠠᠳᠤᠷᠴᠤᠳ ᠮᠥᠩᠭᠡ ᠨᠤᠶᠢᠷᠰᠤᠵᠤ ᠪᠠᠶᠢᠳᠠᠭ᠃ ᠵᠢᠯ ᠪᠣᠯᠭᠠᠨ ᠤ | ᠬᠠᠩᠰᠢ ᠶᠢᠨ ᠡᠳᠦᠷ᠂ ᠪᠠᠶᠠᠨᠬᠤᠲᠠ ᠶᠢᠨ ᠥᠨᠳᠦᠰᠦᠳᠡᠨ ᠨᠦᠭᠦᠳ ᠤᠨ ᠤᠯᠠᠨ ᠲᠦᠮᠡᠨ ᠦᠷᠡᠭᠳᠡᠭᠰᠡᠨ | ᠪᠠᠭᠠᠳᠤᠷᠴᠤᠳ ᠤᠨ ᠪᠣᠩᠬᠤᠨ ᠤ ᠬᠦᠷᠢᠶᠡᠯᠡᠩ ᠳᠤ ᠢᠷᠡᠵᠦ᠂ ᠥᠷᠡᠭᠳᠡᠭᠰᠡᠨ ᠪᠠᠭᠠᠳᠤᠷᠴᠤᠳ ᠢᠶᠠᠨ ᠲᠤᠷᠠᠰᠤᠨ | ᠰᠠᠨᠠᠭᠠᠯᠵᠠᠳᠠᠭ᠃ ᠠᠳᠡᠬᠢ ᠨᠢ ᠨᠢᠭᠡᠨᠲᠡ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠪᠣᠯᠤᠨ ᠬᠤᠪᠢᠰᠬᠠᠯ ᠤᠨ | ᠤᠯᠠᠮᠵᠢᠯᠠᠯᠳᠤ ᠬᠦᠮᠦᠵᠢᠯ ᠢ ᠥᠷᠨᠢᠬᠦᠯᠬᠦ ᠴᠢᠬᠤᠯᠠ ᠲᠠᠯᠠᠪᠤᠷ ᠪᠣᠯᠤᠭᠰᠠᠨ ᠮᠦᠷᠲᠡᠭᠡᠨ ᠪᠠᠰᠠ ᠠᠯᠠᠱᠠ ᠠᠶᠢᠮᠠᠭ ᠤᠨ | ᠬᠤᠪᠢᠰᠬᠠᠯ ᠤᠨ ᠵᠢᠭᠤᠯᠴᠢᠯᠠᠯ ᠢ ᠴᠤᠭᠴᠠᠯᠠᠵᠤ᠂ ᠬᠤᠪᠢᠰᠬᠠᠯ ᠤᠨ ᠰᠣᠶᠤᠯ ᠢ ᠤᠯᠠᠮᠵᠢᠯᠠᠨ ᠲᠡᠯᠭᠡᠷᠡᠭᠦᠯᠬᠦ ᠴᠢᠬᠤᠯᠠ | ᠠᠴᠢᠶᠠᠯᠠᠪᠤᠷᠢ ᠪᠣᠯᠵᠠᠢ᠃ |