︵ᠰᠤᠷᠪᠤᠯᠵᠢᠯᠠᠭᠴᠢ ᠮᠢᠶᠥᠥ ᠴᠢᠩ︶ ᠡᠨᠡ ᠵᠢᠯ ᠤᠨ 3 ᠳ᠋ᠤᠭᠠᠷ ᠰᠠᠷ᠎ᠠ ᠳᠤ᠂ ᠬᠤᠲᠠ ᠶᠢᠨ ᠵᠠᠰᠠᠭ ᠤᠨ | ᠣᠷᠳᠣᠨ ᠵᠣᠣ ᠵᠢᠶᠦ᠋ᠨ ᠮᠦᠽᠧᠢ ᠵᠢᠩᠬᠢᠨᠢ ᠪᠠᠷ ᠲᠥᠯᠥᠪᠦᠷᠢ ᠦᠭᠡᠢ ᠪᠠᠷ ᠭᠠᠳᠠᠭᠰᠢ ᠨᠡᠭᠡᠭᠡᠯᠲᠡ ᠬᠢᠬᠦ ᠶᠢ | ᠵᠥᠪᠰᠢᠶᠡᠷᠡᠵᠦ᠂ ᠡᠭᠡᠯ ᠲᠦᠮᠡᠨ ᠳᠤ ᠰᠣᠶᠣᠯ ᠤᠨ ᠬᠦᠷᠲᠡᠭᠡᠯ ᠢ ᠦᠨᠡᠨᠬᠦ ᠡᠳ᠋ᠯᠡᠭᠦᠯᠵᠦ᠂ ᠡᠨᠡ ᠬᠦ ᠠᠷᠠᠳ ᠲᠤ ᠠᠰᠢᠭ | ᠬᠥᠷᠲᠡᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠨᠡᠩ ᠣᠯᠠᠨ ᠬᠦᠮᠦᠰ ᠤᠨ ᠮᠦᠽᠧᠢ ᠳᠤ ᠣᠷᠣᠨ | ᠮᠦᠽᠧᠢ ᠶᠢ ᠣᠶᠢᠯᠠᠭᠠᠵᠤ᠂ ᠡᠯ᠎ᠡ ᠦᠨᠳᠦᠰᠦᠲᠡᠨ ᠤ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠦᠯᠢᠭᠡᠷ ᠢ | ᠰᠣᠨᠣᠰᠤᠨ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠯᠡᠵᠦ ᠨᠢᠭᠡ ᠴᠣᠭᠴᠠᠵᠢᠭᠰᠠᠨ ᠬᠥᠭᠵᠢᠯᠲᠡ ᠶᠢᠨ | ᠲᠡᠦᠬᠡ ᠶᠢ ᠣᠶᠢᠯᠠᠭᠠᠬᠤ ᠶᠢ ᠳᠠᠶᠢᠴᠢᠯᠠᠬᠤ ᠪᠣᠯᠣᠨ᠎ᠠ᠃ | ᠣᠶᠢᠯᠠᠭᠠᠭᠰᠠᠨ ᠢᠶᠠᠷ᠂ ᠵᠣᠣ ᠵᠢᠶᠦ᠋ᠨ ᠮᠦᠽᠧᠢ ᠨᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠥᠵᠢᠯ ᠤᠨ ᠰᠠᠭᠤᠷᠢᠨ ᠪᠣᠯᠣᠭᠰᠠᠨ ᠤ ᠬᠤᠪᠢ ᠳᠤ ᠤᠭᠰᠠᠭᠠᠳᠠᠨ ᠵᠦᠢ᠂ ᠲᠡᠦᠬᠡ ᠰᠣᠳᠤᠯᠤᠯ᠂ | ᠬᠠᠭᠤᠴᠢ ᠰᠤᠳᠤᠯᠤᠯ ᠵᠡᠷᠭᠡ ᠲᠠᠯ᠎ᠠ ᠶᠢᠨ ᠶᠡᠭᠡ ᠣᠯᠠᠨ ᠬᠤᠪᠣᠷ ᠴᠤᠬᠠᠭ ᠲᠡᠦᠬᠡ ᠶᠢᠨ ᠳᠤᠷᠠᠰᠬᠠᠯᠲᠤ ᠵᠦᠢᠯᠡᠰ ᠤᠨ | ᠮᠠᠲ᠋ᠧᠷᠢᠶᠠᠯ ᠢ ᠬᠠᠳᠠᠭᠠᠯᠠᠵᠤ ᠳᠡᠯᠭᠡᠨ ᠦᠵᠡᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ | ᠬᠥᠮᠥᠵᠢᠭᠦᠯᠬᠦ ᠪᠠ ᠦᠢᠯᠡᠳᠦᠯᠭᠡᠵᠢᠭᠦᠯᠬᠦ ᠴᠢᠬᠤᠯᠠ ᠰᠠᠭᠤᠷᠢᠨ ᠪᠣᠯᠬᠤ ᠪᠠᠷ ᠪᠠᠷᠠᠬᠤ ᠦᠭᠡᠢ᠂ ᠪᠠᠰᠠ ᠨᠡᠶᠢᠭᠡᠮ | ᠨᠡᠶᠢᠲᠡ ᠳᠤ ᠦᠨᠳᠦᠰᠦᠲᠡᠨ ᠤ ᠪᠦᠯᠬᠦᠮᠳᠡᠯ ᠤᠨ ᠬᠥᠮᠥᠵᠢᠯ ᠢ ᠥᠷᠨᠢᠭᠦᠯᠬᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠵᠣᠣ | ᠵᠢᠶᠦ᠋ᠨ ᠮᠦᠽᠧᠢ ᠲᠥᠯᠥᠪᠦᠷᠢ ᠦᠭᠡᠢ ᠪᠠᠷ ᠨᠡᠭᠡᠭᠡᠭᠰᠡᠨ ᠤ ᠳᠠᠷᠠᠭ᠎ᠠ᠂ ᠡᠯ᠎ᠡ ᠦᠨᠳᠦᠰᠦᠲᠡᠨ ᠤ ︽ᠬᠠᠮᠲᠤ ᠪᠠᠷ | ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠬᠦ︾ ᠦᠨᠳᠦᠰᠦᠲᠡᠨ ᠤ ᠠᠵᠢᠯ ᠤᠨ ᠰᠡᠳᠦᠪ ᠢ ᠨᠡᠩ | ᠰᠠᠶᠢᠨ ᠡᠵᠡᠮᠰᠢᠵᠦ᠂ ᠰᠢᠨ᠎ᠡ ᠡᠬᠢᠯᠡᠯᠲᠡ ᠶᠢᠨ ᠴᠡᠭ ᠲᠤ ᠵᠣᠭᠰᠣᠨ᠂ ᠲᠡᠦᠬᠡ ᠪᠠᠷ ᠲᠣᠯᠢ ᠪᠣᠯᠭᠠᠵᠤ᠂ ᠰᠣᠶᠣᠯ ᠢᠶᠠᠷ | ᠰᠠᠭᠤᠷᠢ ᠪᠣᠯᠭᠠᠵᠤ᠂ ᠰᠣᠶᠣᠯ ᠤᠨ ᠠᠭᠤᠯᠬᠤᠨ ᠢ ᠳᠡᠭᠡᠭᠰᠢᠯᠡᠭᠦᠯᠦᠨ ᠠᠭᠤᠳᠠᠯᠵᠤ᠂ ᠬᠠᠳᠠᠭᠠᠯᠠᠵᠤ ᠪᠠᠶᠢᠭ᠎ᠠ | ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠢ ᠠᠮᠢᠯᠠᠭᠤᠯᠤᠨ ᠰᠠᠶᠢᠬᠠᠨ ᠬᠡᠷᠡᠭᠯᠡᠵᠦ᠂ ᠨᠡᠶᠢᠭᠡᠮ ᠤᠨ | ᠤᠬᠠᠭᠤᠯᠭ᠎ᠠ ᠬᠥᠮᠥᠵᠢᠯ ᠤᠨ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ᠂ ᠣᠯᠠᠨ ᠲᠦᠮᠡᠨ ᠳᠤ ᠪᠦᠬᠦ | ᠲᠠᠯ᠎ᠠ ᠠᠴᠠ ᠨᠡᠩ ᠰᠠᠶᠢᠨ ᠲᠥᠯᠥᠪᠦᠷᠢ ᠦᠭᠡᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠵᠤ᠂ ︽ | ᠦᠵᠡᠮᠵᠢᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠶᠢ ᠡᠭᠦᠳᠦᠨ ᠪᠠᠶᠢᠭᠤᠯᠬᠤ ᠳᠤ ᠨᠡᠩ | ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃ |