| | | ᠠᠯᠠᠱᠠ ᠤᠷᠤᠨ ᠪᠣᠯ ᠲᠡᠦᠭᠡᠨ ᠲᠡᠭᠡᠷ᠎ᠡ ᠴᠡᠷᠢᠭ ᠤᠨ ᠡᠷᠳᠡᠮᠳᠡᠳ ᠤᠨ ᠵᠠᠪᠠᠯ ᠪᠤᠯᠢᠶᠠᠯᠳᠤᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠭᠠᠵᠠᠷ ᠪᠣᠯᠬᠤ ᠶᠤᠮ | ᠂ ᠤᠴᠢᠷ ᠨᠢ ᠤᠮᠠᠷᠠᠲᠤ ᠬᠢᠯᠢ ᠬᠢᠵᠠᠭᠠᠷ ᠲᠤ ᠪᠠᠶᠢᠷᠢᠰᠢᠨ᠂ ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠲᠠᠢ ᠬᠢᠯᠢ ᠨᠡᠶᠢᠯᠡᠵᠦ ᠪᠠᠶᠢᠭ᠎ᠠ ᠪᠣᠯᠬᠤᠷ᠂ | ᠤᠯᠤᠰ ᠲᠥᠷᠥ ᠶᠢᠨ ᠲᠠᠯ᠎ᠠ ᠪᠠᠷ ᠨᠡᠩ ᠴᠢᠬᠤᠯᠠ ᠪᠠᠶᠢᠳᠠᠭ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ᠂ ᠮᠰᠢ ᠤᠯᠠᠨ ᠡᠪ ᠬᠠᠮᠳᠤ ᠶᠢᠨ | ᠢᠨᠲ᠋ᠧᠷᠨᠠᠽᠢᠥᠨᠠᠯ ᠤᠨ ᠠᠵᠢᠯᠳᠠᠨ ᠪᠤᠯᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠨᠠᠷ ᠡᠷᠲᠡᠨ ᠤ ᠬᠤᠳᠠᠯᠳᠤᠭᠠᠨ ᠤ ᠲᠡᠮᠡᠭᠡᠨ ᠵᠠᠮ ᠢᠶᠠᠷ | ᠠᠶᠠᠯᠠᠵᠤ᠂ ᠠᠯᠠᠱᠠ ᠪᠠᠷ ᠲᠠᠮᠵᠢᠨ ᠵᠦᠪᠯᠡᠯᠲᠦ ᠬᠤᠯᠪᠤᠭᠠᠲᠤ ᠤᠯᠤᠰ᠂ ᠮᠤᠩᠭᠤᠯ ᠤᠯᠤᠰ ᠪᠤᠯᠤᠨ ᠲᠤᠮᠳᠠᠳᠤ ᠤᠯᠤᠰ ᠤᠨ ᠳᠣᠲᠤᠷ ᠭᠠᠵᠠᠷ ᠤᠨ ᠬᠤᠭᠤᠷᠤᠨᠳᠤ | ᠶᠠᠪᠤᠵᠤ᠂ ᠡᠪ ᠬᠠᠮᠳᠤ ᠶᠢᠨ ᠢᠨᠲ᠋ᠧᠷᠨᠠᠽᠢᠥᠨᠠᠯ ᠲᠠᠢ ᠬᠠᠷᠢᠯᠴᠠᠬᠤ ᠨᠢᠭᠤᠴᠠ ᠵᠠᠮ ᠬᠠᠷᠢᠯᠴᠠᠭᠠᠨ ᠤ ᠱᠤᠭᠤᠮ ᠢ ᠨᠡᠭᠡᠭᠡᠵᠦ᠂ ᠴᠢᠯᠦᠭᠡᠯᠡᠭᠳᠡᠭᠰᠡᠨ ᠤᠷᠤᠨ ᠠᠴᠠ | ᠡᠪ ᠬᠠᠮᠳᠤ ᠶᠢᠨ ᠢᠨᠲ᠋ᠧᠷᠨᠠᠽᠢᠥᠨᠠᠯ ᠤᠨ ᠠᠵᠢᠯᠯᠠᠭᠠᠨ ᠤ ᠲᠥᠪ ᠲᠡᠶᠢᠰᠢ ᠨᠡᠪᠲᠡᠷᠡᠬᠦ ᠨᠢᠭᠤᠴᠠ ᠬᠤᠪᠢᠰᠬᠠᠯ ᠤᠨ ᠵᠠᠮ ᠢ ᠪᠦᠷᠢᠯᠳᠦᠭᠦᠯᠵᠡᠢ᠂ ᠢᠩᠭᠢᠭᠡᠳ ᠡᠯᠡᠱᠠ | ᠶᠢᠨ ᠡᠬᠡ ᠭᠠᠵᠠᠷ ᠲᠤ ᠮᠠᠰᠢ ᠤᠯᠠᠨ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠡᠷᠡᠯ ᠰᠠᠴᠤᠷᠠᠩᠭᠤᠢ ᠦᠢᠯᠡ ᠠᠵᠢᠯᠯᠠᠭ᠎ᠠ ᠶᠢ ᠪᠢᠴᠢᠭᠯᠡᠭᠰᠡᠨ ᠪᠠᠶᠢᠨ᠎ᠠ | ᠃ | ︽ᠳ᠋ᠧᠩ ᠰᠢᠶᠤᠤ ᠫᠢᠩ ᠨᠦᠬᠦᠷ ᠡᠨᠡ ᠵᠠᠮ ᠢᠶᠠᠷ ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠳᠤ ᠬᠦᠷᠴᠦ ᠦᠩᠭᠡᠷᠡᠵᠡᠢ᠂ ᠡᠨᠡ ᠨᠢ ᠬᠤᠯᠪᠤᠭᠳᠠᠯ ᠪᠦᠬᠦᠢ | ᠲᠡᠦᠭᠡᠨ ᠮᠠᠲ᠋ᠧᠷᠢᠶᠡᠯ ᠳᠤ ᠤᠯᠠᠨ ᠲᠡᠮᠳᠡᠭᠯᠡᠯ ᠲᠠᠢ ᠶᠤᠮ᠃1926 ᠣᠨ ᠤ 5 ᠰᠠᠷ᠎ᠠ ᠳᠤ᠂ ᠹᠧᠩ ᠢᠥᠢ ᠰᠢᠶᠠᠩ ᠵᠦᠪᠯᠡᠯᠲᠦ ᠬᠤᠯᠪᠤᠭᠠᠳᠤ ᠤᠯᠤᠰ ᠲᠤ | ᠠᠶᠢᠯᠴᠢᠯᠠᠬᠤ ᠳᠠᠭᠠᠨ᠂ ᠡᠪ ᠬᠠᠮᠳᠤ ᠶᠢᠨ ᠢᠨᠲ᠋ᠧᠷᠨᠠᠽᠢᠥᠨᠠᠯ ᠪᠤᠯᠤᠨ ᠲᠤᠮᠳᠠᠳᠤ ᠤᠯᠤᠰ ᠤᠨ ᠡᠪ ᠬᠠᠮᠳᠤ ᠨᠠᠮ ᠲᠤᠷᠤᠨᠠᠳᠠᠬᠢᠨ ᠶᠡᠭᠡ ᠰᠤᠷᠭᠠᠭᠤᠯᠢ ᠪᠤᠯᠤᠨ | ᠵᠦᠩᠱᠠᠨ ᠶᠡᠭᠡ ᠰᠤᠷᠭᠠᠭᠤᠯᠢ ᠠᠴᠠ ᠬᠤᠪᠢᠰᠬᠠᠯᠳᠤ ᠨᠦᠬᠦᠳ ᠢ ᠰᠤᠩᠭᠤᠨ ᠲᠡᠭᠦᠨ ᠤ ᠴᠡᠷᠢᠭ ᠠᠩᠭᠢ ᠳᠤ ᠣᠴᠢᠭᠤᠯᠵᠤ ᠤᠯᠤᠰ ᠲᠥᠷᠥ ᠶᠢᠨ ᠠᠵᠢᠯ | ᠬᠢᠯᠭᠡᠬᠦ ᠶᠢ ᠬᠦᠰᠡᠪᠡ᠃ ︿ᠳ᠋ᠧᠩ ᠰᠢᠶᠤᠤ ᠫᠢᠩ ᠤᠨ ᠥᠪᠡᠷ ᠤᠨ ᠲᠤᠭᠠᠴᠢᠯᠲᠠ﹀ ᠳᠤ᠂1926 ᠣᠨ ᠤ ᠰᠡᠭᠦᠯᠴᠢ ᠪᠠᠷ᠂ ᠳ᠋ᠧᠩ ᠰᠢᠶᠤᠤ ᠫᠢᠩ 6 ᠵᠢᠯ ᠤᠨ | ᠲᠤᠷᠰᠢᠬᠢ ᠭᠠᠳᠠᠭᠠᠳᠤ ᠳᠤ ᠠᠵᠢᠯᠴᠢ ᠠᠷᠪᠢᠴᠢ ᠪᠠᠷ ᠰᠤᠷᠤᠯᠴᠠᠵᠤ ᠪᠠᠶᠢᠭᠰᠠᠨ ᠠᠮᠢᠳᠤᠷᠠᠯ ᠢᠶᠠᠨ ᠡᠴᠦᠰᠯᠡᠭᠦᠯᠵᠦ᠂ ᠲᠤᠮᠳᠠᠳᠤ ᠤᠯᠤᠰ ᠤᠨ ᠡᠪ ᠬᠠᠮᠳᠤ | ᠨᠠᠮ ᠤᠨ ᠲᠥᠪ ᠬᠤᠷᠢᠶ᠎ᠠ ᠪᠤᠯᠤᠨ ᠡᠪ ᠬᠠᠮᠳᠤ ᠶᠢᠨ ᠢᠨᠲ᠋ᠧᠷᠨᠠᠽᠢᠥᠨᠠᠯ ᠤᠨ ᠲᠤᠮᠢᠯᠠᠯᠲᠠ ᠪᠠᠷ᠂ ᠸᠠᠩ ᠴᠦᠩ ᠶᠦᠨ᠂ ᠵᠤ᠋ ᠱᠢ ᠡᠾᠧᠩ ᠵᠡᠷᠭᠡ ᠬᠦᠮᠦᠰ ᠲᠠᠢ | ᠬᠠᠮᠳᠤ ᠹᠧᠩ ᠢᠥᠢ ᠰᠢᠶᠠᠩ ᠤᠨ ᠴᠡᠷᠢᠭ ᠠᠩᠭᠢ ᠳᠤ ᠬᠦᠷᠴᠦ ᠠᠵᠢᠯᠯᠠᠨ᠂ ᠮᠤᠰᠺᠸᠠ ᠠᠴᠠ ᠤᠯᠤᠰ ᠲᠠᠭᠠᠨ ᠪᠤᠴᠠᠬᠤ ᠠᠶᠠᠨ ᠢᠶᠠᠨ ᠡᠬᠢᠯᠡᠭᠦᠯᠪᠡ﹀ ᠭᠡᠵᠦ | ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠣᠶᠤᠯ ᠲᠡᠥᠭᠡ ᠶᠢᠨ ᠲᠤᠰᠬᠠᠢ ᠲᠤᠰᠢᠶᠠᠯᠳᠠᠨ ᠬᠤᠸᠠᠩ ᠼᠦᠩ ᠲᠠᠨᠢᠯᠴᠠᠭᠤᠯᠤᠯ᠎ᠠ᠃ | ᠳ᠋ᠧᠩ ᠰᠢᠶᠤᠤ ᠫᠢᠩ ᠨᠦᠬᠦᠷ ᠤᠨ ᠭᠡᠦᠭᠡᠨ ᠳ᠋ᠧᠩ ᠨᠠᠨ ︽ᠮᠢᠨᠤ ᠡᠴᠢᠭᠡ ᠳ᠋ᠧᠩ ᠰᠢᠶᠤᠤ ᠫᠢᠩ︾ ᠭᠡᠬᠦ ᠨᠣᠮ ᠳᠠᠭᠠᠨ ᠪᠠᠰᠠ ᠳ᠋ᠧᠩ ᠰᠢᠶᠤᠤ ᠫᠢᠩ | ᠤᠯᠤᠰ ᠲᠠᠭᠠᠨ ᠪᠤᠴᠠᠬᠤ ᠱᠤᠭᠤᠮ ᠤᠨ ᠲᠤᠬᠠᠢ ᠡᠷᠬᠢᠴᠡᠭᠦᠯᠦᠯ ᠢ ᠢᠩᠭᠢᠵᠦ ᠲᠡᠮᠳᠡᠭᠯᠡᠭᠰᠡᠨ ᠪᠠᠶᠢᠨ᠎ᠠ᠄ ︽ᠤᠷᠢᠳ ᠢᠶᠠᠷ ᠭᠠᠯᠲᠤ ᠲᠡᠷᠭᠡᠨ ᠳᠤ ᠰᠠᠭᠤᠵᠤ᠂ | ᠦᠵᠢᠨᠰᠺ ᠲᠤ ᠬᠦᠷᠴᠦ ᠮᠠᠰᠢᠨ ᠲᠡᠷᠭᠡ ᠰᠣᠯᠢᠵᠤ᠂ ᠲᠤᠬᠠᠢ ᠶᠢᠨ ᠥᠶ᠎ᠡ ᠶᠢᠨ ᠮᠤᠩᠭᠤᠯ ᠤᠨ ᠬᠦᠷᠢᠶ᠎ᠡ ︵ᠤᠯᠠᠭᠠᠨᠪᠠᠭᠠᠳᠤᠷ︶ ᠲᠤ ᠬᠦᠷᠦᠨ᠎ᠡ᠃ ᠤᠬᠤᠷᠬᠠᠨ | ᠬᠤᠭᠤᠴᠠᠭ᠎ᠠ ᠬᠦᠯᠢᠶᠡᠭᠰᠡᠨ ᠤ ᠲᠠᠷᠠᠭ᠎ᠠ᠂ ᠲᠡᠷᠭᠡ ᠤᠨᠤᠭ᠎ᠠ ᠶᠢᠨ ᠪᠠᠭᠳᠠᠭᠠᠮᠵᠢ ᠶᠢᠨ ᠬᠢᠵᠠᠭᠠᠷᠯᠠᠯ ᠠᠴᠠ ᠪᠣᠯᠵᠤ᠂ ᠡᠩ ᠲᠡᠷᠢᠭᠦᠨ ᠳᠤ 3 ᠬᠦᠮᠦᠨ ᠢ ᠨᠢᠭᠡᠳᠦᠭᠡᠷ | ᠪᠦᠯᠦᠭ ᠤᠨ ᠬᠤᠰᠢᠭᠤᠴᠢ ᠠᠩᠭᠢ ᠪᠠᠷ ᠲᠤᠮᠢᠯᠠᠪᠠ᠂ ᠡᠨᠡ 3 ᠬᠦᠮᠦᠨ ᠪᠣᠯ ᠲᠠᠷᠤᠢ ᠡᠪ ᠬᠠᠮᠳᠤ ᠨᠠᠮ ᠤᠨ ᠭᠡᠰᠢᠭᠦᠨ ᠳ᠋ᠧᠩ ᠰᠢ ᠰᠢᠶᠠᠨ ︵ᠳ᠋ᠧᠩ ᠰᠢᠶᠤᠤ | ᠫᠢᠩ︶ ᠪᠣᠯᠣᠨ ᠸᠠᠩ ᠴᠦᠩ ᠶᠦᠨ᠂ ᠵᠤ᠋ ᠱᠢ ᠡᠾᠧᠩ ᠬᠤᠶᠠᠷ ᠡᠪ ᠬᠠᠮᠳᠤ ᠵᠠᠯᠠᠭᠤᠴᠤᠳ ᠤᠨ ᠬᠡᠰᠢᠭᠦᠨ ᠪᠤᠯᠤᠨ᠎ᠠ᠃ ᠲᠡᠳᠡ ᠭᠤᠷᠪᠠᠭᠤᠯᠠ ᠶᠢᠨ ᠰᠣᠯᠢᠵᠤ | ᠰᠠᠭᠤᠭᠰᠠᠨ ᠲᠡᠷᠭᠡ ᠨᠢ ᠵᠦᠪᠯᠡᠯᠲᠦ ᠬᠤᠯᠪᠤᠭᠠᠳᠤ ᠤᠯᠤᠰ ᠠᠴᠠ ᠹᠧᠩ ᠢᠥᠢ ᠰᠢᠶᠠᠩ ᠤᠨ ᠴᠡᠷᠢᠭ ᠠᠩᠭᠢ ᠳᠤ ᠰᠣᠮᠤ ᠬᠦᠷᠭᠡᠬᠦ ᠮᠠᠰᠢᠨ ᠲᠡᠷᠭᠡ ᠪᠣᠯᠤᠨ᠎ᠠ᠂ | ᠨᠡᠶᠢᠲᠡ 3 ᠮᠠᠰᠢᠨ ᠲᠡᠷᠭᠡ ᠪᠠᠶᠢᠵᠤ᠂ ᠪᠦᠷ ᠵᠦᠪᠯᠡᠯᠲᠦ ᠬᠤᠯᠪᠤᠭᠠᠳᠤ ᠤᠯᠤᠰ ᠤᠨ ᠬᠦᠮᠦᠨ ᠵᠢᠯᠤᠭᠤᠳᠴᠤ ᠪᠠᠶᠢᠪᠠ᠃ ᠠᠯᠠᠱᠠ ᠶᠢᠨ ᠬᠢᠯᠢ ᠳᠤ ᠤᠷᠤᠭᠰᠠᠨ ᠤ | ᠲᠠᠷᠠᠭ᠎ᠠ᠂ ᠡᠯᠡᠰᠦ ᠮᠠᠩᠬᠠᠨ ᠵᠠᠮ ᠬᠠᠰᠢᠭᠰᠠᠨ ᠠᠴᠠ ᠪᠣᠯᠵᠤ᠂ ᠲᠡᠳᠡ ᠭᠤᠷᠪᠠᠭᠤᠯᠠ ︽ᠲᠡᠮᠡᠭᠡ ᠪᠠᠷ ᠪᠦᠬᠦᠯᠢ 8 ᠡᠳᠦᠷ 8 ᠰᠦᠨᠢ ᠠᠶᠠᠯᠠᠵᠤ᠂ ᠰᠠᠶ᠋ᠢ ᠡᠨᠡ ᠬᠦ | ᠬᠦᠪᠡᠭᠡ ᠬᠢᠵᠠᠭᠠᠷ ᠨᠢ ᠬᠠᠷᠠᠭᠳᠠᠬᠤ ᠦᠭᠡᠢ ᠦᠬᠦᠯ ᠤᠨ ᠲᠠᠯᠠᠢ ᠠᠴᠠ ᠭᠠᠷᠴᠤ᠂ ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠳᠤ ᠬᠦᠷᠴᠦ᠂ ᠲᠠᠷᠠᠭ᠎ᠠ ᠨᠢ | ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠠᠴᠠ ᠬᠤᠪᠢᠰᠬᠠᠯ ᠤᠨ ᠡᠮᠦᠨ᠎ᠡ ᠹᠷᠤᠨᠲ ᠲᠤ ᠬᠦᠷᠴᠡᠢ᠃ | ︽ᠡᠪ ᠬᠠᠮᠳᠤ ᠶᠢᠨ ᠢᠨᠲ᠋ᠧᠷᠨᠠᠽᠢᠥᠨᠠᠯ ᠤᠨ ᠲᠦᠯᠦᠭᠡᠯᠡᠭᠴᠢ ᠪᠠᠰᠠ ᠡᠨᠡ ᠬᠦ ᠵᠠᠮ ᠱᠤᠭᠤᠮ ᠢᠶᠠᠷ ᠦᠩᠭᠡᠷᠡᠵᠦ᠂ ᠨᠢᠭᠡᠳᠦᠭᠡᠷ ᠤᠳᠠᠭ᠎ᠠ ᠶᠢᠨ ᠶᠡᠭᠡ | ᠬᠤᠪᠢᠰᠬᠠᠯ ᠢᠯᠠᠭᠳᠠᠭᠰᠠᠨ ᠤ ᠲᠠᠷᠠᠭ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠪᠠᠷᠠᠭᠤᠨ ᠬᠤᠶᠢᠳᠤ ᠤᠷᠤᠨ ᠤ ᠬᠤᠪᠢᠰᠬᠠᠯ ᠤᠨ ᠤᠳᠤᠷᠢᠳᠤᠯᠭ᠎ᠠ ᠪᠠᠨ | ᠴᠢᠩᠭᠠᠳᠬᠠᠬᠤ ᠶᠢᠨ ᠲᠦᠯᠦᠭᠡ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠠᠴᠠ ᠸᠠᠩ ᠷᠦᠸᠧ ᠹᠸᠢ᠂ ᠵᠢᠢ ᠡᠾᠧ᠂ ᠫᠠᠨ ᠡᠸ᠋ᠨ ᠫᠦ᠋ | ᠵᠡᠷᠭᠡ ᠬᠦᠮᠦᠰ ᠢ ᠲᠣᠮᠢᠯᠠᠨ ᠤᠯᠤᠰ ᠲᠠᠭᠠᠨ ᠪᠤᠴᠠᠵᠤ᠂ ᠪᠠᠷᠠᠭᠤᠨ ᠬᠤᠶᠢᠳᠤ ᠤᠷᠤᠨ ᠤ ᠨᠢᠭᠡᠳᠦᠭᠰᠡᠨ ᠨᠠᠮ ᠤᠨ ᠵᠤᠬᠢᠶᠠᠨ ᠪᠠᠶᠢᠭᠤᠯᠤᠯᠲᠠ ᠶᠢ ᠪᠠᠶᠢᠭᠤᠯᠵᠤ | ᠬᠤᠪᠢᠰᠬᠠᠯᠳᠤ ᠲᠡᠮᠡᠴᠡᠯ ᠢ ᠤᠳᠤᠷᠢᠳᠪᠠ᠃ ᠡᠪ ᠬᠠᠮᠳᠤ ᠶᠢᠨ ᠢᠨᠲ᠋ᠧᠷᠨᠠᠽᠢᠥᠨᠠᠯ ᠠᠴᠠ ᠣᠰᠢᠯᠣᠹ ᠢ ᠲᠣᠮᠢᠯᠠᠵᠤ ᠲᠤᠮᠳᠠᠳᠤ ᠤᠯᠤᠰ ᠤᠨ ᠡᠪ ᠬᠠᠮᠳᠤ ᠨᠠᠮ ᠢ | ᠬᠠᠪᠰᠤᠷᠤᠨ ᠪᠠᠷᠠᠭᠤᠨ ᠬᠤᠶᠢᠳᠤ ᠤᠷᠤᠨ ᠳᠤ ᠠᠵᠢᠯ ᠥᠷᠨᠢᠬᠦᠯᠪᠡ︾ ᠭᠡᠵᠦ ᠬᠤᠸᠠᠩ ᠼᠦᠩ ᠬᠡᠯᠡᠪᠡ᠃ | 1931ᠣᠨ ᠤ 7 ᠰᠠᠷ᠎ᠠ ᠶᠢᠨ ᠰᠡᠭᠦᠯᠴᠢ ᠪᠠᠷ᠂ ᠡᠪ ᠬᠠᠮᠳᠤ ᠶᠢᠨ ᠢᠨᠲ᠋ᠧᠷᠨᠠᠽᠢᠥᠨᠠᠯ ᠤᠨ ᠲᠤᠮᠳᠠᠳᠤ ᠤᠯᠤᠰ ᠤᠨ ᠲᠦᠯᠦᠭᠡᠯᠡᠭᠴᠢᠳ ᠤᠨ ᠪᠦᠯᠬᠦᠮ ᠸᠠᠩ | ᠷᠦᠸᠧ ᠹᠸᠢ᠂ ᠫᠠᠨ ᠡᠸ᠋ᠨ ᠫᠦ᠋ ᠵᠡᠷᠭᠡ ᠬᠦᠮᠦᠰ ᠢ ᠲᠣᠮᠢᠯᠠᠨ ᠤᠯᠤᠰ ᠲᠠᠭᠠᠨ ᠪᠤᠴᠠᠵᠤ ᠪᠠᠷᠠᠭᠤᠨ ᠬᠤᠶᠢᠳᠤ ᠶᠢᠨ ᠤᠨᠴᠠᠭᠠᠢ ᠬᠤᠷᠢᠶ᠎ᠠ ᠶᠢ ᠪᠠᠶᠢᠭᠤᠯᠵᠤ᠂ ᠱᠠᠨᠰᠢ | ᠂ ᠭᠠᠨᠰᠤ᠂ ᠨᠢᠩᠰᠢᠶᠠ᠂ ᠰᠦᠢᠶᠤᠸᠠᠨ ᠵᠡᠷᠭᠡ ᠭᠠᠵᠠᠷ ᠤᠷᠤᠨ ᠳᠤ ᠵᠡᠪᠰᠡᠭᠲᠦ ᠲᠡᠮᠡᠴᠡᠯ ᠥᠷᠨᠢᠭᠦᠯᠪᠡ᠃ ᠸᠠᠩ ᠷᠦᠸᠧ ᠹᠸᠢ ᠵᠡᠷᠭᠡ ᠬᠦᠮᠦᠰ ᠮᠤᠩᠭᠤᠯ | ᠤᠯᠤᠰ ᠤᠨ ᠤᠯᠠᠭᠠᠨᠪᠠᠭᠠᠳᠤᠷ ᠲᠤ ᠬᠦᠷᠦᠭᠰᠡᠨ ᠤ ᠲᠠᠷᠠᠭ᠎ᠠ ᠬᠤᠶᠠᠷ ᠵᠠᠮ ᠬᠤᠪᠢᠶᠠᠪᠠ᠃ ᠵᠡᠭᠦᠨ ᠵᠠᠮ ᠨᠢ ᠸᠠᠩ ᠷᠦᠸᠧ ᠹᠸᠢ ᠴᠡᠷᠢᠭ ᠲᠠᠭᠠᠭᠤᠯᠤᠨ ᠭᠦᠢᠰᠦ᠋ᠢ | ᠪᠠᠷ ᠲᠠᠮᠵᠢᠨ ᠪᠤᠷᠤᠲᠤᠬᠤᠢ ᠤᠷᠴᠢᠮ ᠬᠦᠷᠪᠡ︔ ᠪᠠᠷᠠᠭᠤᠨ ᠵᠠᠮ ᠤᠨ ᠴᠡᠷᠢᠭ ᠢ ᠫᠠᠨ ᠡᠸ᠋ᠨ ᠫᠦ᠋ ᠳᠠᠭᠠᠭᠤᠯᠤᠨ ᠰᠢᠭᠤᠳ ᠠᠯᠠᠱᠠ ᠬᠤᠰᠢᠭᠤᠨ ᠤ ᠬᠤᠯᠠᠳᠠᠬᠢᠨ ᠢ | ᠠᠮᠤᠷᠵᠢᠭᠤᠯᠬᠤ ᠬᠤᠷᠢᠶ᠎ᠠ ᠵᠦᠭ ᠮᠤᠷᠳᠠᠵᠠᠢ᠃ ︽ᠰᠢᠷ᠎ᠠ ᠯᠣᠣ ᠵᠢᠯ ᠤᠨ ᠬᠡᠷᠡᠭ︾ ᠭᠠᠷᠤᠭᠰᠠᠨ ᠠᠴᠠ ᠠᠯᠠᠱᠠ ᠬᠤᠰᠢᠭᠤ ᠬᠢᠯᠢ ᠶᠢᠨ ᠬᠠᠷᠠᠭᠤᠯ ᠤᠨ ᠠᠵᠢᠯ ᠢ | ᠴᠢᠩᠭᠠᠳᠬᠠᠭᠰᠠᠨ ᠪᠠ ᠭᠠᠳᠠᠨ᠎ᠠ ᠠᠴᠠ ᠢᠷᠡᠭᠰᠡᠨ ᠬᠦᠮᠦᠰ ᠢ ᠪᠠᠶᠢᠴᠠᠭᠠᠭᠰᠠᠨ ᠠᠴᠠ ᠫᠠᠨ ᠡᠸ᠋ᠨ ᠫᠦ᠋ ᠵᠡᠷᠭᠡ ᠬᠦᠮᠦᠰ ᠠᠯᠠᠱᠠ ᠬᠤᠰᠢᠭᠤᠨ ᠳᠤ ᠬᠦᠷᠦᠮᠡᠭᠴᠡ | ᠪᠠᠷᠢᠪᠴᠢᠯᠠᠭᠳᠠᠪᠠ᠃ ᠲᠠᠷᠠᠭ᠎ᠠ ᠨᠢ᠂ ᠢᠨᠲ᠋ᠧᠷᠨᠠᠽᠢᠥᠨᠠᠯ ᠤᠨ ᠲᠦᠯᠦᠭᠡᠯᠡᠭᠴᠢ ᠣᠰᠢᠯᠣᠹ ᠪᠣᠯᠤᠨ ᠡᠪ ᠬᠠᠮᠳᠤ ᠨᠠᠮ ᠤᠨ ᠭᠡᠰᠢᠭᠦᠨ ᠲᠦᠮᠡᠨᠪᠠᠶᠠᠷ᠂ ᠡᠷᠳᠡᠨᠢᠪᠢᠯᠢᠭ | ᠵᠡᠷᠭᠡ 4 ᠬᠦᠮᠦᠨ 11 ᠰᠠᠷ᠎ᠠ ᠳᠤ ᠮᠤᠩᠭᠤᠯ ᠤᠯᠤᠰ ᠠᠴᠠ ᠬᠢᠯᠢ ᠳᠤ ᠤᠷᠤᠵᠤ ᠢᠷᠡᠨ᠂ ᠤᠳᠤ ᠶᠢᠨ ᠠᠯᠠᠱᠠ ᠵᠡᠭᠦᠨ ᠬᠤᠰᠢᠭᠤᠨ ᠤ ᠵᠢᠷᠠᠳᠠᠢ ᠶᠢᠨ ᠲᠠᠪᠤᠰᠤᠨ | ᠨᠠᠭᠤᠷ ᠤᠨ ᠤᠷᠴᠢᠮ ᠲᠡᠷᠰᠯᠡᠭᠦᠴᠦᠳ ᠲᠤ ᠪᠦᠰᠡᠯᠡᠭᠳᠡᠨ ᠠᠯᠠᠭᠳᠠᠵᠠᠢ᠃ ᠲᠤᠬᠠᠢ ᠶᠢᠨ ᠵᠢᠯ ᠤᠨ11 ᠰᠠᠷ᠎ᠠ ᠶᠢᠨ 21 ᠤ ᠡᠳᠦᠷ᠂ ᠸᠠᠩ ᠷᠦᠸᠧ ᠹᠸᠢ | ᠪᠤᠭᠤᠳᠤ ᠠᠴᠠ ᠠᠯᠠᠱᠠ ᠬᠤᠰᠢᠭᠤᠨ ᠳᠤ ᠢᠷᠡᠬᠦ ᠪᠠᠷ ᠲᠥᠯᠥᠪᠯᠡᠵᠦ ᠪᠠᠶᠢᠭᠰᠠᠨ ᠡᠮᠦᠨ᠎ᠡ ᠰᠦᠨᠢ ᠭᠤᠮᠢᠨᠳᠠᠩ ᠤᠨ ᠲᠠᠩᠨᠠᠭᠤᠯ ᠳᠤ ᠪᠠᠷᠢᠪᠴᠢᠯᠠᠭᠳᠠᠨ ᠬᠢᠨᠳᠠᠨ ᠳᠤ | ᠤᠷᠤᠪᠠ᠃ | ︽ᠠᠯᠠᠱᠠ ᠤᠷᠤᠨ ᠤᠨᠴᠠᠭᠠᠢ ᠭᠠᠵᠠᠷ ᠵᠦᠢ ᠶᠢᠨ ᠪᠠᠶᠢᠷᠢᠰᠢᠯ ᠪᠣᠯᠤᠨ ᠭᠠᠵᠠᠷ ᠵᠦᠢ ᠶᠢᠨ ᠣᠷᠴᠢᠨ ᠲᠣᠭᠤᠷᠢᠨ ᠠᠴᠠ ᠪᠣᠯᠵᠤ᠂ ᠲᠤᠮᠳᠠᠳᠤ ᠤᠯᠤᠰ ᠤᠨ | ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠦᠶ᠎ᠡ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠠᠮᠤᠭ ᠤᠨ | ᠲᠡᠭᠡᠳᠦ ᠤᠳᠤᠷᠢᠳᠬᠤ ᠬᠦᠮᠦᠨ ᠠᠩᠬᠠᠷᠤᠯ ᠢᠶᠠᠨ ᠠᠯᠠᠱᠠ ᠳᠤ ᠬᠠᠨᠳᠤᠭᠤᠯᠬᠤ ᠶᠢᠨ ᠬᠠᠮᠳᠤ ᠨᠢᠭᠡᠨ ᠴᠢᠬᠤᠯᠠ ᠰᠢᠢᠳᠪᠦᠷᠢᠲᠦ ᠪᠣᠳᠤᠯᠭ᠎ᠠ ᠲᠣᠭᠲᠠᠭᠠᠪᠠ᠄ | ᠤᠮᠠᠷᠠᠰᠢ ᠬᠠᠳᠤᠨ ᠭᠤᠣᠯ ᠢ ᠭᠠᠳᠤᠯᠤᠨ ᠠᠯᠠᠱᠠ ᠶᠢ ᠡᠵᠡᠯᠡᠵᠦ᠂ ᠤᠯᠠᠨ ᠤᠯᠤᠰ ᠤᠨ ᠵᠠᠮ ᠱᠤᠭᠤᠮ ᠢ ᠨᠡᠪᠳᠡᠷᠡᠭᠦᠯᠵᠦ᠂ ᠡᠪ ᠬᠠᠮᠳᠤ ᠶᠢᠨ ᠢᠨᠲ᠋ᠧᠷᠨᠠᠽᠢᠥᠨᠠᠯ | ᠪᠣᠯᠤᠨ ᠵᠦᠪᠯᠡᠯᠲᠦ ᠬᠤᠯᠪᠤᠭᠠᠳᠤ ᠤᠯᠤᠰ ᠤᠨ ᠵᠡᠷ ᠵᠡᠪᠰᠡᠭ ᠤᠨ ᠲᠤᠰᠠᠯᠠᠮᠵᠢ ᠶᠢ ᠣᠯᠵᠤ᠂ ᠪᠠᠷᠠᠭᠤᠨ ᠬᠤᠶᠢᠳᠤ ᠤᠷᠤᠨ ᠠᠴᠠ ᠶᠠᠫᠤᠨ ᠢ ᠡᠰᠡᠷᠭᠦᠴᠡᠬᠦ | ᠪᠠᠶᠢᠳᠠᠯ ᠢ ᠨᠡᠭᠡᠭᠡᠪᠡ︾ ᠭᠡᠵᠦ ᠬᠤᠸᠠᠩ ᠼᠦᠩ ᠶᠠᠷᠢᠵᠤ ᠪᠠᠶᠢᠯ᠎ᠠ᠃1935 ᠣᠨ ᠤ 9 ᠰᠠᠷ᠎ᠠ ᠶᠢᠨ 9 ᠤ ᠡᠳᠦᠷ᠂ ᠮᠠᠦ ᠽᠧ ᠳ᠋ᠦᠩ ᠲᠥᠪ ᠬᠤᠷᠢᠶ᠎ᠠ | ᠪᠣᠯᠤᠨ ᠤᠯᠠᠭᠠᠨ ᠨᠢᠭᠡᠳᠦᠭᠡᠷ ᠹᠷᠤᠨᠲ ᠤᠨ ᠴᠡᠷᠢᠭ ᠢ ᠲᠠᠭᠠᠭᠤᠯᠤᠨ ᠲᠤᠰᠠᠭᠠᠷ ᠢᠶᠠᠨ ᠤᠮᠠᠷᠠᠰᠢ ᠮᠤᠷᠳᠠᠵᠤ᠂ 9 ᠰᠠᠷ᠎ᠠ ᠶᠢᠨ 12 ᠤᠨ ᠡᠳᠦᠷ ᠤᠷᠤᠰ ᠤᠨ | ᠡᠳᠡᠭᠡᠳ ᠤᠨ ᠬᠢᠨ ᠤ ᠬᠤᠷᠠᠯ ᠢ ᠬᠤᠷᠠᠯᠳᠤᠭᠤᠯᠵᠤ᠂ ᠮᠠᠦ ᠽᠧ ᠳ᠋ᠦᠩ ᠤᠮᠠᠷᠠᠰᠢ ᠮᠤᠷᠳᠠᠵᠤ ᠤᠯᠠᠨ ᠤᠯᠤᠰ ᠤᠨ ᠵᠠᠮ ᠱᠤᠭᠤᠮ ᠢ ᠨᠡᠪᠳᠡᠷᠡᠭᠦᠯᠬᠦ ᠪᠠᠶᠢᠯᠳᠤᠬᠤ | ᠪᠣᠳᠤᠯᠭ᠎ᠠ ᠶᠢᠨ ᠠᠴᠢ ᠬᠤᠯᠪᠤᠭᠳᠠᠯ ᠢ ᠴᠢᠬᠤᠯᠠᠴᠢᠯᠠᠪᠠ᠃ | ᠤᠯᠠᠭᠠᠨ ᠴᠡᠷᠢᠭ ᠤᠷᠳᠤ ᠵᠠᠮ ᠤᠨ ᠠᠶᠠᠨ ᠲᠠᠶᠢᠨ ᠢᠶᠠᠨ ᠡᠬᠢᠯᠡᠭᠦᠯᠦᠭᠰᠡᠨ ᠤ ᠲᠠᠷᠠᠭ᠎ᠠ᠂ ᠳᠠᠷᠤᠢ ᠡᠪ ᠬᠠᠮᠳᠤ ᠶᠢᠨ ᠢᠨᠲ᠋ᠧᠷᠨᠠᠽᠢᠥᠨᠠᠯ ᠲᠠᠢ ᠬᠠᠷᠢᠯᠴᠠᠭ᠎ᠠ | ᠲᠠᠰᠤᠷᠠᠵᠠᠢ᠃ ᠭᠡᠪᠡᠴᠦ ᠡᠪ ᠬᠠᠮᠳᠤ ᠶᠢᠨ ᠢᠨᠲ᠋ᠧᠷᠨᠠᠽᠢᠥᠨᠠᠯ ᠲᠤᠮᠳᠠᠳᠤ ᠤᠯᠤᠰ ᠤᠨ ᠬᠤᠪᠢᠰᠬᠠᠯ ᠢ ᠠᠩᠬᠠᠷᠤᠭᠰᠠᠭᠠᠷ ᠢᠷᠡᠵᠡᠢ᠃1935 ᠣᠨ ᠤ 7 | ᠰᠠᠷ᠎ᠠ ᠳᠤ᠂ ᠡᠪ ᠬᠠᠮᠳᠤ ᠶᠢᠨ ᠢᠨᠲ᠋ᠧᠷᠨᠠᠽᠢᠥᠨᠠᠯ ᠲᠤᠯᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢᠶᠠᠨ ᠬᠤᠷᠠᠯᠳᠤᠭᠤᠯᠵᠤ᠂ ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠳᠤ ᠡᠪ ᠬᠠᠮᠳᠤ ᠶᠢᠨ ᠢᠨᠲ᠋ᠧᠷᠨᠠᠽᠢᠥᠨᠠᠯ ᠤᠨ ᠲᠤᠯᠤᠳᠤᠭᠠᠷ ᠶᠡᠭᠡ ᠬᠤᠷᠠᠯ ᠪᠠ ︽8.1 ᠤ ᠲᠤᠩᠬᠠᠭ︾ | ᠤᠨ ᠰᠢᠨ᠎ᠡ ᠦᠵᠡᠯ ᠰᠠᠨᠠᠭ᠎ᠠ᠂ ᠰᠢᠨ᠎ᠡ ᠠᠷᠭ᠎ᠠ ᠪᠣᠳᠤᠯᠭ᠎ᠠ ᠶᠢ ᠲᠦᠷᠭᠡᠨ ᠣᠶᠢᠯᠠᠭᠠᠭᠤᠯᠬᠤ ᠶᠢᠨ ᠲᠥᠯᠥᠭᠡ᠂ ᠲᠤᠮᠳᠠᠳᠤ ᠤᠯᠤᠰ ᠤᠨ ᠡᠪ ᠬᠠᠮᠳᠤ ᠨᠠᠮ ᠤᠨ | ᠲᠥᠯᠦᠭᠡᠯᠡᠭᠴᠢᠳ ᠤᠨ ᠪᠦᠯᠬᠦᠮ ᠯᠢᠨ ᠢᠥᠢ ᠶᠢᠩ ︵ᠵᠠᠩ ᠬᠤᠣ︶ ᠢ ᠲᠣᠮᠢᠯᠠᠨ ᠲᠠᠷᠤᠢ ᠲᠦᠷᠭᠡᠨ ᠤᠯᠤᠰ ᠲᠠᠭᠠᠨ ᠪᠤᠴᠠᠵᠤ ᠤᠯᠠᠮᠵᠢᠯᠠᠭᠤᠯᠪᠠ᠃ ︽ᠯᠢᠨ | ᠢᠥᠢ ᠶᠢᠩ ᠤᠯᠤᠰ ᠲᠠᠭᠠᠨ ᠪᠤᠴᠠᠵᠤ ᠢᠷᠡᠭᠰᠡᠨ ᠵᠠᠮ ᠨᠢ ᠲᠠᠷᠤᠢ ᠲᠤᠬᠠᠢ ᠶᠢᠨ ᠵᠢᠯ ᠤᠨ ᠳ᠋ᠧᠩ ᠰᠢᠶᠤᠤ ᠫᠢᠩ ᠤᠨ ᠶᠠᠪᠤᠵᠤ ᠦᠩᠭᠡᠷᠡᠭᠰᠡᠨ ᠡᠷᠲᠡᠨ ᠤ | ᠲᠡᠮᠡᠭᠡᠨ ᠵᠠᠮ ᠪᠣᠯᠤᠨ᠎ᠠ᠂ ᠲᠡᠮᠡᠭᠡ ᠤᠨᠤᠵᠤ ᠠᠯᠠᠱᠠ ᠳᠤ ᠤᠷᠤᠵᠤ ᠢᠷᠡᠭᠰᠡᠨ ᠤ ᠳᠠᠷᠠᠭ᠎ᠠ᠂ ᠴᠠᠭᠠᠯᠠᠵᠤ ᠪᠠᠶᠢᠴᠠᠭᠠᠬᠤ ᠶᠢ ᠠᠷᠭᠠᠴᠠᠭᠠᠬᠤ ᠶᠢᠨ ᠲᠥᠯᠦᠭᠡ᠂ | ᠲᠡᠷᠡ ᠨᠢᠭᠤᠴᠠ ᠴᠠᠬᠢᠯᠭᠠᠨ ᠮᠡᠳᠡᠭᠡᠯᠡᠭᠴᠢ ᠵᠣᠣ ᠢᠥᠢ ᠵᠧᠨ ᠲᠠᠢ ᠬᠠᠮᠳᠤ ᠠᠶᠢᠯ ᠲᠤᠰᠬᠤᠨ ᠢᠶᠠᠷ ᠬᠡᠰᠦᠳᠡᠭ ᠪᠠᠷᠠᠭ᠎ᠠ ᠬᠤᠳᠠᠯᠳᠤᠭᠴᠢ ᠪᠠᠷ ᠣᠪᠯᠠᠵᠤ᠂ | ᠠᠷᠠᠰᠤᠨ ᠲᠡᠪᠡᠯ ᠡᠮᠦᠰᠦᠨ ᠪᠠᠷᠠᠭᠠᠨ ᠤ ᠰᠠᠭᠰᠤ ᠳᠠᠮᠨᠠᠵᠤ᠂ ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠪᠠᠷ ᠲᠠᠮᠵᠢᠨ ᠢᠷᠭᠠᠢ ᠳᠤ ᠬᠦᠷᠴᠡᠢ᠃ 3 ᠰᠠᠷ᠎ᠠ ᠶᠢᠨ | ᠬᠤᠯᠠ ᠠᠶᠠᠯᠠᠯ ᠢᠶᠠᠷ ᠲᠠᠮᠵᠢᠨ᠂ ᠡᠴᠦᠰ ᠲᠡᠭᠡᠨ ᠡᠪ ᠬᠠᠮᠳᠤ ᠶᠢᠨ ᠢᠨᠲ᠋ᠧᠷᠨᠠᠽᠢᠥᠨᠠᠯ ᠲᠠᠢ ᠤᠷᠳᠤ ᠬᠤᠭᠤᠴᠠᠭ᠎ᠠ ᠪᠠᠷ ᠴᠠᠬᠢᠯᠭᠠᠨ ᠬᠤᠯᠪᠤᠭ᠎ᠠ ᠲᠠᠰᠤᠷᠠᠭᠰᠠᠨ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢ ᠡᠷᠢᠵᠦ ᠣᠯᠪᠠ᠃ ᠵᠠᠩ ᠬᠤᠣ ᠶᠢᠨ ᠬᠦᠷᠴᠦ ᠢᠷᠡᠭᠰᠡᠨ ᠨᠢ ᠲᠤᠮᠳᠠᠳᠤ ᠤᠯᠤᠰ ᠤᠨ ᠡᠪ | ᠬᠠᠮᠳᠤ ᠨᠠᠮ ᠤᠨ ᠲᠡᠥᠭᠡᠨ ᠲᠡᠭᠡᠷᠡᠬᠢ ᠨᠢᠭᠡᠨ ᠲᠤᠮᠤ ᠶᠠᠪᠤᠳᠠᠯ ᠪᠣᠯᠤᠨ᠎ᠠ᠂ ᠲᠤᠮᠳᠠᠳᠤ ᠤᠯᠤᠰ ᠤᠨ ᠬᠠᠮᠳᠤ ᠨᠠᠮ ᠤᠨ ᠲᠥᠪ ᠬᠤᠷᠢᠶ᠎ᠠ ᠡᠭᠦᠨ ᠠᠴᠠ ᠡᠬᠢᠯᠡᠨ ᠡᠪ | ᠬᠠᠮᠳᠤ ᠶᠢᠨ ᠢᠨᠲ᠋ᠧᠷᠨᠠᠽᠢᠥᠨᠠᠯ ᠲᠠᠢ ᠬᠠᠷᠢᠯᠴᠠᠭ᠎ᠠ ᠪᠠᠨ ᠰᠡᠷᠭᠦᠭᠡᠪᠡ᠃ 1935 ᠣᠨ ᠤ 12 ᠰᠠᠷ᠎ᠠ ᠶᠢᠨ 17 ᠤ ᠡᠳᠦᠷ᠂ ᠲᠤᠮᠳᠠᠳᠤ ᠤᠯᠤᠰ ᠤᠨ ᠡᠪ | ᠬᠠᠮᠳᠤ ᠨᠠᠮ ᠤᠨ ᠲᠥᠪ ᠬᠤᠷᠢᠶ᠎ᠠ ᠸᠠ ᠶᠤᠤ ᠪᠣᠣ ᠳᠤ ᠤᠯᠤᠰ ᠲᠥᠷᠥ ᠶᠢᠨ ᠲᠣᠪᠴᠢᠶᠠᠨ ᠤ ᠥᠷᠭᠡᠳᠭᠡᠭᠰᠡᠨ ᠬᠤᠷᠠᠯ ᠬᠤᠷᠠᠯᠳᠤᠭᠤᠯᠵᠤ᠂ ᠵᠠᠩ ᠬᠤᠣ ᠶᠡᠭᠡ | ᠬᠤᠷᠠᠯ ᠳᠤ ᠡᠪ ᠬᠠᠮᠳᠤ ᠶᠢᠨ ᠢᠨᠲ᠋ᠧᠷᠨᠠᠽᠢᠥᠨᠠᠯ ᠤᠨ ᠵᠢᠭᠠᠪᠤᠷᠢ ᠶᠢ ᠤᠯᠠᠮᠵᠢᠯᠠᠪᠠ︾ ᠭᠡᠵᠦ ᠬᠤᠸᠠᠩ ᠼᠦᠩ ᠬᠡᠯᠡᠯ᠎ᠡ᠃ | ︽ᠭᠤᠷᠪᠠᠨ ᠶᠡᠭᠡ ᠭᠤᠣᠯ ᠬᠦᠴᠦᠨ ᠤ ᠣᠯᠠᠭᠠᠨ ᠴᠡᠷᠢᠭ ᠢᠯᠠᠯᠲᠠ ᠲᠠᠢ ᠪᠠᠷ ᠴᠡᠷᠢᠭ ᠨᠡᠶᠢᠯᠡᠭᠰᠡᠨ ᠤ ᠲᠠᠷᠠᠭ᠎ᠠ᠂ ᠨᠠᠮ ᠤᠨ ᠲᠥᠪ ᠬᠤᠷᠢᠶ᠎ᠠ ᠠᠴᠠ | ᠢᠨᠲ᠋ᠧᠷᠨᠠᠽᠢᠥᠨᠠᠯ ᠤᠨ ᠵᠠᠮ ᠱᠤᠭᠤᠮ ᠢ ᠨᠡᠪᠳᠡᠷᠡᠭᠦᠯᠬᠦ ᠴᠠᠭ ᠲᠤᠬᠢᠶᠠᠯ ᠪᠣᠯᠪᠠᠰᠤᠷᠠᠩᠭᠤᠢ ᠪᠣᠯᠵᠠᠢ ᠭᠡᠵᠦ ᠦᠵᠡᠵᠡᠢ᠃ ᠲᠡᠭᠡᠭᠡᠳ ᠨᠢᠩᠰᠢᠶᠠ ᠶᠢᠨ | ᠲᠠᠶᠢᠯᠠᠯᠳᠤᠭᠠᠨ ᠢ ᠲᠠᠶᠢᠴᠢᠯᠠᠵᠠᠢ᠃ ᠨᠢᠩᠰᠢᠶᠠ ᠶᠢᠨ ᠲᠠᠶᠢᠯᠠᠯᠳᠤᠭᠠᠨ ᠤ ᠬᠠᠷᠠᠯᠲᠠ ᠨᠢ ᠳᠠᠷᠤᠢ ᠥᠨᠥᠳᠥᠷ ᠤᠨ ᠠᠯᠠᠱᠠ ᠶᠢᠨ ᠭᠠᠵᠠᠷ ᠤᠷᠤᠨ ᠢ ᠪᠠᠭᠲᠠᠭᠠᠭᠰᠠᠨ | ᠨᠢᠩᠰᠢᠶᠠ ᠮᠣᠵᠢ ᠪᠣᠯᠤᠨ ᠭᠠᠨᠰᠦ ᠶᠢᠨ ᠤᠮᠠᠷᠠᠳᠤ ᠬᠡᠰᠡᠭ ᠤᠨ ᠭᠠᠵᠠᠷ ᠤᠷᠤᠨ ᠢ ᠡᠵᠡᠯᠡᠵᠦ᠂ ᠲᠤᠮᠳᠠᠳᠤ ᠮᠣᠩᠭᠤᠯ ᠤᠨ ᠬᠢᠯᠢ ᠬᠢᠵᠠᠭᠠᠷ ᠠᠴᠠ ᠡᠪ ᠬᠠᠮᠳᠤ ᠶᠢᠨ | ᠢᠨᠲ᠋ᠧᠷᠨᠠᠽᠢᠥᠨᠠᠯ ᠤᠨ ᠬᠠᠪᠰᠤᠷᠤᠨ ᠲᠡᠳᠬᠦᠬᠦ ᠡᠳ᠋ ᠪᠤᠳᠠᠰ ᠢ ᠬᠦᠯᠢᠶᠡᠨ ᠠᠪᠬᠤ ᠶᠠᠪᠤᠳᠠᠯ ᠪᠣᠯᠤᠨ᠎ᠠ᠃ ᠢᠩᠭᠢᠭᠡᠳ ᠠᠯᠠᠱᠠ ᠶᠢᠨ ᠬᠤᠯᠠᠳᠠᠬᠢᠨ ᠢ | ᠠᠮᠤᠷᠵᠢᠭᠤᠯᠬᠤ ᠬᠤᠷᠢᠶ᠎ᠠ ᠨᠢ ᠤᠯᠠᠭᠠᠨ ᠴᠡᠷᠢᠭ ᠤᠨ ᠪᠠᠶᠢᠯᠳᠤᠬᠤ ᠪᠣᠳᠤᠯᠭ᠎ᠠ ᠶᠢᠨ ᠬᠠᠷᠠᠯᠲᠠ ᠶᠢᠨ ᠤᠷᠤᠨ ᠪᠣᠯᠵᠤ᠂ ᠨᠢᠭᠡᠨᠲᠡ ᠮᠡᠳᠡᠭᠰᠡᠨ ᠲᠥᠪ ᠬᠤᠷᠢᠶ᠎ᠠ | ᠪᠣᠯᠤᠨ ᠤᠯᠠᠭᠠᠨ ᠴᠡᠷᠢᠭ ᠤᠨ ᠡᠮᠦᠨ᠎ᠡ ᠹᠷᠤᠨᠲ ᠤᠨ ᠴᠠᠬᠢᠯᠭᠠᠨ ᠮᠡᠳᠡᠭᠡ ᠳᠤ ︿ᠬᠤᠯᠠᠳᠠᠬᠢᠨ ᠢ ᠲᠤᠭᠲᠠᠭᠠᠬᠤ ᠬᠤᠷᠢᠶ᠎ᠠ﹀ ᠶᠢ 20 ᠭᠠᠷᠤᠢ ᠤᠳᠠᠭ᠎ᠠ | ᠲᠤᠷᠠᠳᠴᠠᠢ︾ ᠭᠡᠵᠦ ᠬᠤᠸᠠᠩ ᠼᠦᠩ ᠬᠡᠯᠡᠪᠡ᠃ | 1936 ᠣᠨ ᠤ 10 ᠰᠠᠷ᠎ᠠ ᠳᠤ᠂ ᠲᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠰᠢᠨᠵᠢᠶᠠᠩ ᠡᠰᠡᠬᠦᠯ᠎ᠡ ᠨᠢᠩᠰᠢᠶᠠ ︵ | ᠤᠳᠤ ᠶᠢᠨ ᠠᠯᠠᠱᠠ ᠠᠶᠢᠮᠠᠭ︶ ᠠᠴᠠ ᠠᠷᠤ ᠮᠤᠩᠭᠤᠯ᠂ ᠵᠦᠪᠯᠡᠯᠲᠦ ᠬᠤᠯᠪᠤᠭᠠᠳᠤ ᠤᠯᠤᠰ ᠲᠠᠢ ᠨᠡᠪᠲᠡᠷᠡᠵᠦ᠂ ᠡᠪ ᠬᠠᠮᠳᠤ ᠶᠢᠨ ᠢᠨᠲ᠋ᠧᠷᠨᠠᠽᠢᠥᠨᠠᠯ ᠤᠨ | ᠬᠠᠪᠰᠤᠷᠤᠯᠭ᠎ᠠ ᠶᠢ ᠬᠦᠯᠢᠶᠡᠨ ᠠᠪᠬᠤ ᠪᠠᠷ ᠲᠥᠯᠥᠪᠯᠡᠵᠡᠢ᠃ ᠬᠤᠵᠢᠮ ᠨᠢ ᠨᠢᠩᠰᠢᠶᠠ ᠮᠣᠵᠢ ᠳᠤ ᠬᠠᠷᠢᠶᠠᠯᠠᠭᠳᠠᠵᠤ ᠪᠠᠶᠢᠭᠰᠠᠨ ᠠᠯᠠᠱᠠ ᠬᠤᠰᠢᠭᠤ ᠶᠢᠨ | ᠬᠤᠯᠠᠳᠠᠬᠢᠨ ᠢ ᠠᠮᠤᠷᠵᠢᠭᠤᠯᠬᠤ ᠬᠤᠷᠢᠶ᠎ᠠ ᠠᠴᠠ ᠵᠠᠮ ᠨᠡᠪᠲᠡᠷᠡᠭᠦᠯᠬᠦ ᠪᠠᠷ ᠲᠤᠭᠲᠠᠵᠠᠢ᠃ ᠭᠤᠮᠢᠨᠳᠠᠩ ᠨᠠᠮ ᠤᠨ ᠴᠡᠷᠢᠭ ᠠᠩᠭᠢ ᠶᠢᠨ ᠶᠡᠭᠡ ᠴᠡᠷᠢᠭ ᠤᠨ | ᠪᠦᠰᠡᠯᠡᠯᠲᠡ ᠠᠴᠠ ᠪᠣᠯᠵᠤ᠂ ᠤᠯᠠᠭᠠᠨ ᠴᠡᠷᠢᠭ ᠤᠨ ᠭᠤᠣᠯ ᠬᠦᠴᠦᠨ ᠬᠠᠳᠤᠨ ᠭᠤᠣᠯ ᠢ ᠲᠡᠷᠡ ᠪᠦᠬᠦᠨ ᠢᠶᠠᠷ ᠢᠶᠠᠨ ᠭᠠᠳᠤᠯᠵᠤ ᠲᠡᠶᠢᠯᠦᠭᠰᠡᠨ ᠦᠭᠡᠢ᠃11 | ᠰᠠᠷ᠎ᠠ ᠶᠢᠨ 2 ᠤᠨ ᠡᠳᠦᠷ᠂ ᠡᠪ ᠬᠠᠮᠳᠤ ᠶᠢᠨ ᠢᠨᠲ᠋ᠧᠷᠨᠠᠽᠢᠥᠨᠠᠯ ᠠᠴᠠ ᠨᠠᠮ ᠤᠨ ᠲᠥᠪ ᠬᠤᠷᠢᠶ᠎ᠠ ᠳᠤ ᠴᠠᠬᠢᠯᠭᠠᠨ ᠶᠠᠪᠤᠭᠤᠯᠵᠤ᠂ ᠣᠣᠯ ᠤᠨ ᠬᠤᠯᠠᠳᠠᠬᠢᠨ ᠢ | ᠠᠮᠤᠷᠵᠢᠭᠤᠯᠬᠤ ᠬᠤᠷᠢᠶ᠎ᠠ ᠳᠤ ᠡᠳ᠋ ᠪᠤᠳᠠᠰ ᠤᠨ ᠲᠡᠮᠵᠢᠯᠭᠡ ᠬᠦᠯᠢᠶᠡᠨ ᠠᠪᠬᠤ ᠲᠥᠯᠥᠪᠯᠡᠭᠡ ᠪᠠᠨ ᠬᠤᠪᠢᠷᠠᠭᠤᠯᠵᠤ᠂ ᠤᠯᠠᠭᠠᠨ ᠴᠡᠷᠢᠭ ᠢ ᠱᠠᠭᠠᠷᠳᠠᠨ | ᠰᠢᠨᠵᠢᠶᠠᠩ ᠤᠨ ᠬᠢᠯᠢ ᠬᠢᠵᠠᠭᠠᠷ ᠲᠤ ᠡᠳ᠋ ᠪᠤᠳᠠᠰ ᠬᠦᠯᠢᠶᠡᠨ ᠠᠪᠤᠭᠤᠯᠵᠤ᠂ ᠤᠯᠠᠭᠠᠨ ᠴᠡᠷᠢᠭ ᠠᠯᠪᠠᠳᠠᠯᠭ᠎ᠠ ᠠᠴᠠ ᠪᠣᠯᠵᠤ ᠨᠢᠩᠰᠢᠶᠠ ᠶᠢᠨ | ᠲᠠᠶᠢᠯᠠᠯᠳᠤᠭᠠᠨ ᠢᠶᠠᠨ ᠵᠤᠭᠰᠤᠭᠠᠵᠠᠢ᠃ ᠨᠢᠩᠰᠢᠶᠠ ᠶᠢᠨ ᠲᠠᠶᠢᠯᠠᠯᠳᠤᠭᠠᠨ 1936 ᠣᠨ ᠤ 10 ᠰᠠᠷ᠎ᠠ ᠶᠢᠨ 24 ᠤ ᠡᠳᠦᠷ ᠠᠴᠠ ᠡᠬᠢᠯᠡᠵᠦ 11 ᠰᠠᠷ᠎ᠠ ᠶᠢᠨ | 8 ᠤ ᠡᠳᠦᠷ ᠳᠠᠭᠤᠰᠴᠤ᠂16 ᠡᠳᠦᠷ ᠤᠨ ᠬᠤᠭᠤᠴᠠᠭ᠎ᠠ ᠶᠢ ᠥᠩᠭᠡᠷᠡᠭᠦᠯᠵᠦ᠂ ᠪᠠᠷᠤᠭ ᠤᠯᠠᠭᠠᠨ ᠴᠡᠷᠢᠭ ᠤᠨ ᠪᠦᠬᠦᠶᠢᠯᠡ ᠬᠦᠴᠦᠨ ᠴᠢᠳᠠᠯ ᠢ ᠳᠠᠶᠢᠴᠢᠯᠠᠭᠰᠠᠨ | ᠴᠤ ᠭᠤᠮᠢᠨᠳᠠᠩ ᠤᠨ ᠴᠡᠷᠢᠭ ᠠᠩᠭᠢ ᠶᠢᠨ ᠪᠦᠰᠡᠯᠡᠨ ᠨᠡᠬᠡᠮᠵᠢᠯᠡᠯᠲᠡ ᠶᠢ ᠶᠡᠷᠦ ᠠᠴᠠ ᠰᠢᠪᠳᠤᠯᠵᠤ ᠲᠡᠶᠢᠯᠦᠭᠰᠡᠨ ᠦᠭᠡᠢ ᠬᠠᠷᠢᠨ ᠬᠤᠯᠠᠳᠠᠬᠢᠨ ᠢ ᠠᠮᠤᠷᠵᠢᠭᠤᠯᠬᠤ | ᠬᠤᠷᠢᠶ᠎ᠠ ᠠᠴᠠ ᠤᠶᠢᠷᠠᠬᠠᠨ ᠪᠣᠯᠵᠠᠢ᠃1937 ᠣᠨ ᠤ ᠬᠠᠪᠤᠷ ᠨᠠᠮᠤᠷ᠂ ᠬᠠᠳᠤᠨ ᠭᠤᠣᠯ ᠢ ᠭᠠᠳᠤᠯᠤᠭᠰᠠᠨ ᠤᠯᠠᠭᠠᠨ ᠴᠡᠷᠢᠭ ᠤᠨ ᠪᠠᠷᠠᠭᠤᠨ ᠵᠠᠮ ᠤᠨ | ᠴᠡᠷᠢᠭ ᠤᠨ ᠦᠯᠡᠳᠡᠭᠰᠡᠨ ᠬᠡᠰᠡᠭ ᠠᠯᠠᠱᠠ ᠠᠶᠢᠮᠠᠭ ᠤᠨ ᠡᠯᠡᠰᠦᠨ ᠴᠦᠯ ᠢ ᠲᠤᠭᠤᠷᠢᠨ ᠦᠩᠭᠡᠷᠡᠵᠦ᠂ ᠦᠪᠦᠷ ᠮᠤᠩᠭᠤᠯ ᠭᠠᠨᠰᠦ ᠨᠢᠩᠰᠢᠶᠠ ᠶᠢᠨ ᠠᠭᠤᠯᠵᠠᠷ | ᠲᠠᠬᠢ ᠠᠯᠠᠱᠠ ᠬᠤᠰᠢᠭᠤ ᠶᠢᠨ ᠶᠢᠨ ᠫᠠᠨ ᠱᠦᠢ ︵ᠣᠳᠣ ᠶᠢᠨ ᠤᠨᠳᠤᠷᠤᠯᠳᠤ ᠪᠠᠯᠭᠠᠰᠤ︶ ᠠᠴᠠ ᠬᠠᠳᠤᠨᠭᠤᠣᠯ ᠢ ᠭᠠᠳᠤᠯᠵᠤ᠂ ᠬᠤᠪᠢᠰᠬᠠᠯ ᠤᠨ ᠲᠠᠷᠬᠠᠨ | ᠤᠷᠤᠨ ᠶᠠᠨ ᠠᠨ ᠳᠤ ᠪᠤᠴᠠᠪᠠ ᠃ | ᠬᠤᠪᠢᠰᠬᠠᠯ ᠤᠨ ᠭᠧᠨ ᠢ ᠤᠯᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠦᠮᠦᠨ ᠪᠣᠯᠬᠤ ᠪᠠᠷ ᠲᠡᠮᠡᠴᠡᠬᠦ | ᠳᠤ ᠬᠠᠷᠢᠭᠤᠴᠠᠯᠭ᠎ᠠ ᠬᠦᠨᠳᠦ ᠴᠢᠬᠤᠯᠠ᠂ ᠠᠴᠢ ᠬᠤᠯᠪᠤᠭᠳᠠᠯ ᠭᠦᠨ ᠬᠦᠨᠵᠡᠭᠡᠢ ᠪᠠᠶᠢᠳᠠᠭ᠃ ᠬᠤᠪᠢᠰᠬᠠᠯ ᠤᠨ ᠤᠷᠢᠳᠤᠰ ᠤᠨ ᠡᠷᠡᠯᠬᠡᠭ ᠪᠠᠭᠠᠳᠤᠷᠯᠢᠭ ᠦᠢᠯᠡ | ᠶᠠᠪᠤᠳᠠᠯ ᠢ ᠲᠤᠷᠠᠰᠤᠨ ᠰᠠᠨᠠᠭᠠᠯᠵᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠶᠢᠨ ᠲᠥᠯᠦᠭᠡ᠂ ᠠᠯᠠᠱᠠ ᠠᠶᠢᠮᠠᠭ ᠠᠯᠠᠱᠠ ᠵᠡᠭᠦᠨ | ᠬᠤᠰᠢᠭᠤᠨ ᠤ ᠵᠢᠷᠠᠲᠠᠢ ᠪᠠᠯᠭᠠᠰᠤᠨ ᠳᠤ ︽ᠡᠪ ᠬᠠᠮᠳᠤ ᠶᠢᠨ ᠢᠨᠲ᠋ᠧᠷᠨᠠᠽᠢᠥᠨᠠᠯ ᠤᠨ ᠪᠠᠶᠢᠯᠳᠤᠭᠴᠢ ᠵᠡᠷᠭᠡ ᠲᠥᠷᠪᠡᠨ ᠪᠠᠭᠠᠲᠤᠷ ᠤᠨ ᠪᠡᠶ᠎ᠡ ᠥᠷᠡᠭᠳᠡᠭᠰᠡᠨ | ᠭᠠᠵᠠᠷ︾ ᠭᠡᠬᠦ ᠳᠤᠷᠠᠰᠬᠠᠯ ᠤᠨ ᠬᠦᠰᠢᠶ᠎ᠡ ᠪᠤᠰᠬᠠᠵᠤ᠂ ᠰᠢᠷᠠᠪᠦ᠋ᠷᠢᠲᠦ ᠪᠣᠯᠤᠨ ᠤᠨᠳᠤᠷᠤᠯᠳᠤ ᠳᠤ ︽ᠠᠯᠠᠱᠠ ᠶᠢᠨ ᠡᠪ ᠬᠠᠮᠳᠤ ᠶᠢᠨ ᠢᠨᠲ᠋ᠧᠷᠨᠠᠽᠢᠥᠨᠠᠯ ᠤᠨ | ᠨᠢᠭᠤᠴᠠ ᠪᠠᠷ ᠨᠡᠪᠲᠡᠷᠡᠬᠦ ᠵᠠᠮ · ᠲᠡᠨᠵᠢ ᠶᠢᠨ ᠫᠦᠰᠡ ᠶᠢᠨ ᠥᠷᠳᠡᠭᠡ ᠶᠢᠨ ᠪᠠᠭᠤᠷᠢ︾ ᠵᠢᠴᠢ ︽ᠲᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ | ᠤᠯᠠᠭᠠᠨ ᠴᠡᠷᠢᠭ ᠤᠨ ᠪᠠᠷᠠᠭᠤᠨ ᠵᠠᠮ ᠤᠨ ᠴᠡᠷᠢᠭ ᠤᠨ ᠳᠠᠷᠤᠭ᠎ᠠ ᠪᠠᠶᠢᠯᠳᠤᠭᠴᠢ ᠶᠢᠨ ᠠᠯᠠᠱᠠ ᠪᠠᠷ ᠥᠩᠭᠡᠷᠡᠭᠰᠡᠨ ᠪᠠᠭᠤᠷᠢ︾ ᠭᠡᠬᠦ ᠳᠤᠷᠠᠰᠬᠠᠯ ᠤᠨ | ᠬᠦᠰᠢᠶ᠎ᠡ ᠶᠢ ᠵᠠᠰᠠᠨ ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠮᠦᠷᠡᠠᠭᠤᠤᠯ ᠤᠨ ᠥᠷᠡᠭᠳᠡᠭᠰᠡᠨ ᠪᠠᠭᠠᠲᠤᠷᠴᠤᠳ ᠤᠨ ᠪᠣᠩᠬᠤᠨ ᠤ ᠬᠦᠷᠢᠶᠡᠯᠡᠩ ᠢ ᠵᠠᠰᠠᠵᠤ | ᠪᠠᠶᠢᠭᠤᠯᠵᠠᠢ᠃ ᠤᠳᠤᠬᠠᠨ ᠤ ᠮᠦᠷᠡᠠᠭᠤᠤᠯ ᠤᠨ ᠥᠷᠡᠭᠳᠡᠭᠰᠡᠨ ᠪᠠᠭᠠᠳᠤᠷᠴᠤᠳ ᠤᠨ ᠪᠤᠩᠬᠤᠨ ᠤ ᠬᠦᠷᠢᠶᠡᠯᠡᠩ ᠳᠤ᠂ ᠡᠪ ᠬᠠᠮᠳᠤ ᠶᠢᠨ ᠢᠨᠲ᠋ᠧᠷᠨᠠᠽᠢᠥᠨᠠᠯ ᠤᠨ | ᠲᠦᠯᠦᠭᠡᠯᠡᠭᠴᠢ ᠣᠰᠢᠯᠤᠹ᠂ ᠲᠦᠮᠡᠨᠪᠠᠶᠠᠷ ᠵᠡᠷᠭᠡ ᠬᠤᠪᠢᠰᠬᠠᠯ ᠤᠨ ᠥᠷᠡᠭᠳᠡᠭᠰᠡᠨ ᠪᠠᠭᠠᠳᠤᠷᠴᠤᠳ ᠮᠥᠩᠭᠡ ᠨᠤᠶᠢᠷᠰᠤᠵᠤ ᠪᠠᠶᠢᠳᠠᠭ᠃ ᠵᠢᠯ ᠪᠣᠯᠭᠠᠨ ᠤ | ᠬᠠᠩᠰᠢ ᠶᠢᠨ ᠡᠳᠦᠷ᠂ ᠪᠠᠶᠠᠨᠬᠤᠲᠠ ᠶᠢᠨ ᠥᠨᠳᠦᠰᠦᠳᠡᠨ ᠨᠦᠭᠦᠳ ᠤᠨ ᠤᠯᠠᠨ ᠲᠦᠮᠡᠨ ᠦᠷᠡᠭᠳᠡᠭᠰᠡᠨ ᠪᠠᠭᠠᠳᠤᠷᠴᠤᠳ ᠤᠨ ᠪᠣᠩᠬᠤᠨ ᠤ ᠬᠦᠷᠢᠶᠡᠯᠡᠩ ᠳᠤ | ᠢᠷᠡᠵᠦ᠂ ᠥᠷᠡᠭᠳᠡᠭᠰᠡᠨ ᠪᠠᠭᠠᠳᠤᠷᠴᠤᠳ ᠢᠶᠠᠨ ᠲᠤᠷᠠᠰᠤᠨ ᠰᠠᠨᠠᠭᠠᠯᠵᠠᠳᠠᠭ᠃ ᠠᠳᠡᠬᠢ ᠨᠢ ᠨᠢᠭᠡᠨᠲᠡ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ | ᠪᠣᠯᠤᠨ ᠬᠤᠪᠢᠰᠬᠠᠯ ᠤᠨ ᠤᠯᠠᠮᠵᠢᠯᠠᠯᠳᠤ ᠬᠦᠮᠦᠵᠢᠯ ᠢ ᠥᠷᠨᠢᠬᠦᠯᠬᠦ ᠴᠢᠬᠤᠯᠠ ᠲᠠᠯᠠᠪᠤᠷ ᠪᠣᠯᠤᠭᠰᠠᠨ ᠮᠦᠷᠲᠡᠭᠡᠨ ᠪᠠᠰᠠ ᠠᠯᠠᠱᠠ ᠠᠶᠢᠮᠠᠭ ᠤᠨ ᠬᠤᠪᠢᠰᠬᠠᠯ ᠤᠨ | ᠵᠢᠭᠤᠯᠴᠢᠯᠠᠯ ᠢ ᠴᠤᠭᠴᠠᠯᠠᠵᠤ᠂ ᠬᠤᠪᠢᠰᠬᠠᠯ ᠤᠨ ᠰᠣᠶᠤᠯ ᠢ ᠤᠯᠠᠮᠵᠢᠯᠠᠨ ᠲᠡᠯᠭᠡᠷᠡᠭᠦᠯᠬᠦ ᠴᠢᠬᠤᠯᠠ ᠠᠴᠢᠶᠠᠯᠠᠪᠤᠷᠢ ᠪᠣᠯᠵᠠᠢ᠃ |