ᠵᠣᠣ ᠵᠢᠶᠦ᠋ᠨ ᠮᠦᠽᠧᠢ ᠵᠢᠩᠬᠢᠨᠢ ᠪᠠᠷ ᠲᠥᠯᠥᠪᠦᠷᠢ ᠦᠭᠡᠢ ᠪᠠᠷ ᠭᠠᠳᠠᠭᠰᠢ ᠨᠡᠭᠡᠭᠡᠪᠡ
ᠨᠡᠶᠢᠲᠡᠯᠡᠭᠰᠡᠨ ᠴᠠᠭ᠄
2021/3/25
      ︵ᠰᠤᠷᠪᠤᠯᠵᠢᠯᠠᠭᠴᠢ ᠮᠢᠶᠥᠥ ᠴᠢᠩ︶ ᠡᠨᠡ ᠵᠢᠯ ᠤᠨ 3 ᠳ᠋ᠤᠭᠠᠷ ᠰᠠᠷ᠎ᠠ ᠳᠤ᠂ ᠬᠤᠲᠠ ᠶᠢᠨ ᠵᠠᠰᠠᠭ ᠤᠨ ᠣᠷᠳᠣᠨ ᠵᠣᠣ ᠵᠢᠶᠦ᠋ᠨ ᠮᠦᠽᠧᠢ ᠵᠢᠩᠬᠢᠨᠢ ᠪᠠᠷ ᠲᠥᠯᠥᠪᠦᠷᠢ ᠦᠭᠡᠢ ᠪᠠᠷ ᠭᠠᠳᠠᠭᠰᠢ ᠨᠡᠭᠡᠭᠡᠯᠲᠡ ᠬᠢᠬᠦ ᠶᠢ ᠵᠥᠪᠰᠢᠶᠡᠷᠡᠵᠦ᠂ ᠡᠭᠡᠯ ᠲᠦᠮᠡᠨ ᠳᠤ ᠰᠣᠶᠣᠯ ᠤᠨ ᠬᠦᠷᠲᠡᠭᠡᠯ ᠢ ᠦᠨᠡᠨᠬᠦ ᠡᠳ᠋ᠯᠡᠭᠦᠯᠵᠦ᠂ ᠡᠨᠡ ᠬᠦ ᠠᠷᠠᠳ ᠲᠤ ᠠᠰᠢᠭ ᠬᠥᠷᠲᠡᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠨᠡᠩ ᠣᠯᠠᠨ  ᠬᠦᠮᠦᠰ ᠤᠨ ᠮᠦᠽᠧᠢ ᠳᠤ ᠣᠷᠣᠨ ᠮᠦᠽᠧᠢ ᠶᠢ ᠣᠶᠢᠯᠠᠭᠠᠵᠤ᠂ ᠡᠯ᠎ᠡ ᠦᠨᠳᠦᠰᠦᠲᠡᠨ ᠤ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠦᠯᠢᠭᠡᠷ ᠢ ᠰᠣᠨᠣᠰᠤᠨ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠯᠡᠵᠦ ᠨᠢᠭᠡ ᠴᠣᠭᠴᠠᠵᠢᠭᠰᠠᠨ ᠬᠥᠭᠵᠢᠯᠲᠡ ᠶᠢᠨ ᠲᠡᠦᠬᠡ ᠶᠢ ᠣᠶᠢᠯᠠᠭᠠᠬᠤ ᠶᠢ ᠳᠠᠶᠢᠴᠢᠯᠠᠬᠤ ᠪᠣᠯᠣᠨ᠎ᠠ᠃      ᠣᠶᠢᠯᠠᠭᠠᠭᠰᠠᠨ ᠢᠶᠠᠷ᠂ ᠵᠣᠣ ᠵᠢᠶᠦ᠋ᠨ ᠮᠦᠽᠧᠢ ᠨᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ ᠪᠣᠯᠣᠭᠰᠠᠨ ᠤ ᠬᠤᠪᠢ ᠳᠤ ᠤᠭᠰᠠᠭᠠᠳᠠᠨ ᠵᠦᠢ᠂ ᠲᠡᠦᠬᠡ ᠰᠣᠳᠤᠯᠤᠯ᠂ ᠬᠠᠭᠤᠴᠢ ᠰᠤᠳᠤᠯᠤᠯ ᠵᠡᠷᠭᠡ ᠲᠠᠯ᠎ᠠ ᠶᠢᠨ ᠶᠡᠭᠡ ᠣᠯᠠᠨ ᠬᠤᠪᠣᠷ ᠴᠤᠬᠠᠭ ᠲᠡᠦᠬᠡ ᠶᠢᠨ ᠳᠤᠷᠠᠰᠬᠠᠯᠲᠤ  ᠵᠦᠢᠯᠡᠰ ᠤᠨ ᠮᠠᠲ᠋ᠧᠷᠢᠶᠠᠯ ᠢ ᠬᠠᠳᠠᠭᠠᠯᠠᠵᠤ ᠳᠡᠯᠭᠡᠨ ᠦᠵᠡᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠬᠥᠮᠥᠵᠢᠭᠦᠯᠬᠦ ᠪᠠ ᠦᠢᠯᠡᠳᠦᠯᠭᠡᠵᠢᠭᠦᠯᠬᠦ ᠴᠢᠬᠤᠯᠠ ᠰᠠᠭᠤᠷᠢᠨ ᠪᠣᠯᠬᠤ ᠪᠠᠷ ᠪᠠᠷᠠᠬᠤ ᠦᠭᠡᠢ᠂ ᠪᠠᠰᠠ ᠨᠡᠶᠢᠭᠡᠮ ᠨᠡᠶᠢᠲᠡ ᠳᠤ ᠦᠨᠳᠦᠰᠦᠲᠡᠨ ᠤ ᠪᠦᠯᠬᠦᠮᠳᠡᠯ ᠤᠨ ᠬᠥᠮᠥᠵᠢᠯ ᠢ ᠥᠷᠨᠢᠭᠦᠯᠬᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠵᠣᠣ ᠵᠢᠶᠦ᠋ᠨ ᠮᠦᠽᠧᠢ ᠲᠥᠯᠥᠪᠦᠷᠢ ᠦᠭᠡᠢ ᠪᠠᠷ  ᠨᠡᠭᠡᠭᠡᠭᠰᠡᠨ ᠤ ᠳᠠᠷᠠᠭ᠎ᠠ᠂ ᠡᠯ᠎ᠡ ᠦᠨᠳᠦᠰᠦᠲᠡᠨ ᠤ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠬᠦ︾ ᠦᠨᠳᠦᠰᠦᠲᠡᠨ ᠤ ᠠᠵᠢᠯ ᠤᠨ ᠰᠡᠳᠦᠪ ᠢ ᠨᠡᠩ ᠰᠠᠶᠢᠨ ᠡᠵᠡᠮᠰᠢᠵᠦ᠂ ᠰᠢᠨ᠎ᠡ ᠡᠬᠢᠯᠡᠯᠲᠡ ᠶᠢᠨ ᠴᠡᠭ ᠲᠤ ᠵᠣᠭᠰᠣᠨ᠂ ᠲᠡᠦᠬᠡ ᠪᠠᠷ ᠲᠣᠯᠢ ᠪᠣᠯᠭᠠᠵᠤ᠂ ᠰᠣᠶᠣᠯ ᠢᠶᠠᠷ ᠰᠠᠭᠤᠷᠢ ᠪᠣᠯᠭᠠᠵᠤ᠂ ᠰᠣᠶᠣᠯ ᠤᠨ ᠠᠭᠤᠯᠬᠤᠨ ᠢ ᠳᠡᠭᠡᠭᠰᠢᠯᠡᠭᠦᠯᠦᠨ ᠠᠭᠤᠳᠠᠯᠵᠤ᠂ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠢ ᠠᠮᠢᠯᠠᠭᠤᠯᠤᠨ ᠰᠠᠶᠢᠬᠠᠨ ᠬᠡᠷᠡᠭᠯᠡᠵᠦ᠂ ᠨᠡᠶᠢᠭᠡᠮ ᠤᠨ ᠤᠬᠠᠭᠤᠯᠭ᠎ᠠ ᠬᠥᠮᠥᠵᠢᠯ ᠤᠨ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ᠂ ᠣᠯᠠᠨ ᠲᠦᠮᠡᠨ ᠳᠤ ᠪᠦᠬᠦ ᠲᠠᠯ᠎ᠠ ᠠᠴᠠ ᠨᠡᠩ ᠰᠠᠶᠢᠨ ᠲᠥᠯᠥᠪᠦᠷᠢ ᠦᠭᠡᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠵᠤ᠂ ︽ᠦᠵᠡᠮᠵᠢᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠶᠢ ᠡᠭᠦᠳᠦᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ