ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠬᠤᠷᠢᠨᠭᠡᠷ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2021/3/26
     ᠠᠵᠢᠯ ᠡᠬᠢᠯᠡᠪᠡᠯ ᠳᠠᠷᠤᠢ ᠰᠢᠢᠳᠪᠦᠷᠢᠲᠦ ᠪᠠᠶᠢᠯᠳᠤᠭᠠᠨ᠂ ᠡᠬᠢᠯᠡᠯᠲᠡ ᠶᠢᠨ ᠦᠶ᠎ᠡ ᠪᠣᠯ ᠳᠠᠷᠣᠢ ᠰᠢᠪᠲᠤᠯᠤᠯᠲᠠ ᠪᠣᠯᠣᠨ᠎ᠠ᠂ 3 ᠳ᠋ᠤᠭᠠᠷ ᠰᠠᠷ᠎ᠠ ᠶᠢᠨ 21 ᠤ ᠡᠳᠦᠷ ᠮᠠᠨ ᠤ ᠰᠢᠶᠠᠨ ᠤ ᠱᠧᠩ ᠯᠧ ᠪᠠᠯᠭᠠᠰᠤᠨ ᠳᠤ ᠶᠠᠪᠤᠭᠳᠠᠭᠰᠠᠨ ᠪᠦᠬᠦ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠨᠢ ᠪᠦᠬᠦ ᠬᠤᠳᠠ ᠪᠠᠷ ᠢᠶᠠᠨ ᠪᠠᠷᠢᠯᠭ᠎ᠠ ᠶᠢᠨ ᠭᠠᠵᠠᠷ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠲᠤᠬᠠᠢ ᠶᠢᠨ ᠲᠠᠯᠠᠪᠠᠢ ᠪᠠᠷ ᠰᠢᠯᠭᠠᠯᠲᠠ ᠶᠢᠨ ᠲᠠᠯᠠᠪᠠᠢ ᠪᠣᠯᠭᠠᠬᠤ ᠪᠠᠷ ᠤᠷᠢᠶᠠᠯᠠᠵᠤ᠂ ᠠᠬᠢᠴᠠ ᠪᠠᠷ ᠣᠪᠣᠷ ᠢ ᠪᠣᠳᠣᠯᠬᠢᠯᠠᠵᠤ᠂ ᠴᠠᠭ ᠮᠥᠴᠡ ᠶᠢ ᠠᠮᠵᠢᠨ ᠪᠦᠬᠦ ᠲᠠᠯ᠎ᠠ ᠪᠠᠷ ᠬᠦᠴᠦᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠣᠷᠣᠨ ᠤ ᠲᠥᠪ ᠤᠨ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠣᠷᠣᠨ ᠤ ᠲᠥᠪ ᠤᠨ ᠬᠦᠴᠦᠨ ᠢ ᠨᠡᠮᠡᠷᠢᠯᠡᠨ᠎ᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠠᠷᠤᠭ᠎ᠠ ᠮᠥ ᠶᠤᠸᠠᠨ ᠤᠷᠢᠯᠭ᠎ᠠ ᠪᠠᠷ ᠣᠷᠣᠯᠴᠠᠵᠠᠶ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠶᠠᠷᠢᠶ᠎ᠠ ᠲᠠᠯᠪᠢᠭᠰᠠᠨ ᠪᠥᠭᠡᠳ ᠠᠵᠢᠯ ᠡᠬᠢᠯᠡᠭᠰᠡᠨ ᠢ ᠵᠠᠷᠯᠠᠪᠠ᠃ ᠲᠡᠷᠡ ᠬᠡᠯᠡᠬᠦ ᠳᠡᠭᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠠᠮᠤᠷ ᠲᠦᠪᠰᠢᠨ ᠳᠤ ᠬᠤᠯᠪᠣᠭᠳᠠᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠠᠷᠠᠳ ᠣᠯᠠᠨ ᠤ ᠠᠵᠠ ᠵᠢᠷᠭᠠᠯ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠲᠠᠷᠢᠶᠠᠯᠠᠩ ᠤᠨ ᠬᠤᠪᠢ ᠶᠢᠨ ᠵᠢᠩ ᠢ ᠨᠡᠮᠡᠭᠳᠡᠭᠦᠯᠬᠦ᠂ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠴᠢᠬᠤᠯᠠ ᠪᠣᠳᠠᠲᠠᠶ ᠠᠷᠭ᠎ᠠ ᠬᠡᠮᠵᠢᠶ᠎ᠡ ᠮᠥᠨ᠂ ᠪᠠᠰᠠ ᠴᠤ ᠬᠠᠲᠤᠨ ᠭᠤᠤᠯ ᠳᠠᠭᠠᠤ ᠶᠢᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠶᠢ ᠠᠬᠢᠭᠤᠯᠬᠤ ᠴᠢᠬᠤᠯᠠ ᠠᠵᠢᠯ ᠤᠨ ᠭᠠᠷᠳᠠᠴᠠ ᠮᠥᠨ ᠭᠡᠵᠡᠶ᠃      ᠾᠧ ᠬᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠡᠭᠦᠷᠭᠡ ᠡᠭᠦᠷᠭᠡᠯᠡᠵᠦ ᠪᠠᠶᠢᠭ᠎ᠠ ᠭᠠᠵᠠᠷ ᠣᠷᠣᠨ ᠤ ᠬᠢᠨ ᠡᠨᠡ ᠵᠢᠯ ᠤᠨ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ 51.2 ᠲᠦᠮᠡᠨ ᠮᠥ ᠶᠢᠨ ᠶᠡᠷᠦᠩᠬᠡᠶ ᠡᠭᠦᠷᠭᠡ ᠪᠠ 2020 ᠣᠨ ᠤ ᠰᠡᠭᠦᠯ ᠬᠤᠷᠢᠶᠠᠬᠤ ᠠᠵᠢᠯ ᠤᠨ ᠠᠬᠢᠴᠠ ᠶᠢ ᠪᠠᠲᠤᠯᠠᠬᠤ ᠶᠢ ᠴᠢᠩᠭ᠎ᠠ ᠠᠩᠬᠠᠷᠴᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ 2020 ᠣᠨ ᠠᠴᠠ ᠡᠮᠦᠨ᠎ᠡ ᠪᠡᠶᠡᠯᠡᠭᠦᠯᠦᠭᠰᠡᠨ ᠥᠬᠡᠶ ᠡᠭᠦᠷᠭᠡ ᠪᠠ ᠭᠠᠵᠠᠷ ᠰᠢᠷᠣᠶ ᠶᠢ ᠡᠮᠬᠢᠯᠡᠨ ᠴᠡᠭᠴᠡᠯᠡᠬᠦ ᠡᠭᠦᠷᠭᠡ ᠪᠠᠨ ᠪᠡᠶᠡᠯᠡᠭᠦᠯᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠶᠠᠰᠤ ᠴᠢᠨᠠᠷ ᠢ ᠪᠠᠲᠤᠯᠠᠵᠤ᠂ ᠨᠢᠭᠡ ᠪᠦᠯᠦᠭ ᠲᠠᠷᠢᠶᠠᠨ ᠭᠠᠵᠠᠷ ᠤᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠵᠢᠱᠢᠶ᠎ᠡ ᠦᠵᠡᠭᠦᠯᠬᠦ ᠬᠡᠰᠡᠭ ᠣᠷᠣᠨ ᠪᠠ ᠨᠡᠶᠢᠲᠡᠯᠢᠭ ᠲᠤᠷᠰᠢᠯᠭ᠎ᠠ ᠶᠢ ᠪᠣᠶ ᠪᠣᠯᠭᠠᠵᠤ᠂ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠶ᠃ ᠤᠭ ᠰᠠᠨᠠᠭ᠎ᠠ ᠪᠠᠨ ᠪᠠᠷᠢᠮᠲᠠᠯᠠᠵᠤ᠂ ᠡᠯ᠎ᠡ ᠭᠠᠵᠠᠷ ᠣᠷᠣᠨ ᠤ ᠬᠢᠨ ︽ᠵᠠᠬ᠎ᠠ ᠳᠡᠯᠭᠡᠭᠦᠷ ᠲᠠᠢ ᠵᠣᠯᠭᠠᠭᠤᠯᠵᠤ᠂ ᠲᠡᠵᠢᠭᠡᠬᠦ ᠶᠢᠨ ᠲᠥᠯᠥᠭᠡ ᠲᠠᠷᠢᠬᠤ︾ ᠪᠠᠷ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠬᠠᠷᠠᠯᠲᠠ ᠪᠣᠯᠭᠠᠵᠤ᠂ ᠡᠪᠡᠰᠦ ᠪᠡᠯᠴᠢᠭᠡᠷ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠠᠷᠢᠶᠠᠴᠢᠨ ᠡᠷᠦᠬᠡ ᠳᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠡᠳ᠋ᠯᠡᠭᠦᠯᠵᠦ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠣᠲᠠᠲᠠᠶᠢᠵᠢᠭᠤᠯᠵᠤ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠶᠡᠷᠦᠩᠬᠡᠢ ᠠᠵᠢᠯ ᠢ ᠠᠳᠬᠤᠵᠤ᠂ ᠡᠯ᠎ᠡ ᠭᠠᠵᠠᠷ ᠣᠷᠣᠨ ᠤ ᠨᠢᠭᠡᠳᠦᠭᠡᠷ ᠬᠠᠷᠢᠭᠤᠴᠠᠯᠭᠠᠲᠠᠨ ᠪᠡᠶ᠎ᠡ ᠪᠠᠷ ᠢᠶᠠᠨ ᠣᠷᠣᠯᠴᠠᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠬᠤ ᠪᠠᠨ ᠴᠢᠩᠭᠠᠳᠬᠠᠵᠤ᠂ ᠪᠦᠬᠦ ᠬᠤᠳᠠ ᠶᠢᠨ ᠳᠡᠭᠡᠳᠦ ᠲᠤᠤᠷᠠᠳᠤ ᠱᠠᠳᠤ ᠪᠠᠷ ᠢᠶᠠᠨ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠴᠠᠩ ᠫᠧᠶ ᠵᠥᠩ᠂ ᠪᠠᠶ ᠶᠦᠩ ᠫᠢᠩ᠂ ᠵᠠᠩ ᠶᠢᠨ ᠫᠢᠩ᠂ ᠶᠦᠨ ᠬᠠᠶ᠂ ᠡᠤ ᠸᠧᠨ ᠮᠢᠩ᠂ ᠶᠦᠨ ᠰᠢᠨ ᠮᠢᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃      ᠠᠵᠢᠯ ᠡᠬᠢᠯᠡᠬᠦ ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠴᠠᠭ ᠮᠥᠴᠡ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠡᠵᠢᠶᠡᠳᠡ ᠴᠠᠯᠠᠭᠠᠶᠢᠷᠠᠬᠤ ᠦᠭᠡᠢ᠂ ᠴᠤᠴᠠᠯᠲᠠ ᠦᠭᠡᠢ ᠲᠡᠮᠡᠴᠡᠬᠦ ᠣᠪᠣᠷ ᠪᠠᠶᠢᠳᠠᠯ ᠢᠶᠠᠷ᠂ ᠠᠬ᠎ᠠ ᠳᠡᠭᠦᠦ ᠬᠤᠰᠢᠭᠤ ᠰᠢᠶᠠᠨ ᠲᠣᠭᠤᠷᠢᠭ ᠲᠠᠢ ᠬᠠᠮᠲᠤᠪᠠᠷ ᠰᠣᠳᠣᠨ ᠪᠦᠲᠦᠭᠡᠯ ᠤᠨ ᠢᠨᠵᠧᠨᠧᠷᠢᠩ᠂ ᠦᠯᠢᠭᠡᠷ ᠳᠠᠭᠤᠷᠢᠶᠠᠯ ᠤᠨ ᠢᠨᠵᠧᠨᠧᠷᠢᠩ ᠢ ᠴᠢᠷᠮᠠᠶᠢᠨ ᠪᠠᠶᠢᠭᠤᠯᠵᠤ᠂ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ  ᠳᠤ ᠪᠡᠯᠡᠭ ᠡᠷᠭᠦᠨ᠎ᠡ ᠭᠡᠵᠦ ᠢᠯᠡᠳᠬᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号