| | | 3 ᠳ᠋ᠤᠭᠠᠷ ᠰᠠᠷ᠎ᠠ ᠶᠢᠨ 23 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ | ᠶᠦᠩ ᠸᠧᠨ ᠼᠤᠤ ᠳ᠋ᠦ᠋ ᠺᠣᠮᠫᠠᠨᠢ ᠶᠢᠨ ᠡᠪᠡᠰᠦ ᠪᠡᠯᠴᠢᠭᠡᠷ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ | ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ | ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ | ᠡᠪᠡᠰᠦ ᠪᠡᠯᠴᠢᠭᠡᠷ ᠤᠨ ᠬᠠᠩᠭᠠᠯᠭ᠎ᠠ ᠬᠢᠬᠦ ᠡᠨᠡ ᠬᠦ ᠭᠤᠤᠯᠳᠠᠯᠭ᠎ᠠ ᠶᠢ ᠪᠠᠲᠤ ᠠᠳᠬᠤᠵᠤ᠂ ︽ᠲᠡᠵᠢᠭᠡᠬᠦ ᠶᠢᠨ | ᠲᠥᠯᠥᠭᠡ ᠳᠠᠷᠢᠵᠤ᠂ ᠳᠠᠷᠢᠬᠤ ᠪᠠᠷ ᠲᠡᠵᠢᠭᠡᠬᠦ ᠶᠢ ᠠᠬᠢᠭᠤᠯᠬᠤ︾ ᠰᠡᠳᠬᠢᠴᠡ ᠶᠢ ᠪᠠᠷᠢᠮᠲᠠᠯᠠᠨ᠂ ᠣᠶ ᠰᠢᠭᠤᠶ ᠶᠢᠨ | ᠪᠣᠳᠠᠲᠠᠶ ᠳᠤ ᠨᠡᠶᠢᠴᠡᠬᠦ ᠮᠥᠷᠲᠡᠭᠡᠨ ᠪᠠᠰᠠ ᠰᠢᠨ᠎ᠡ ᠬᠥᠭᠵᠢᠯᠲᠡ ᠶᠢᠨ ᠣᠨᠣᠯᠵᠢᠬᠤᠨ ᠤ ᠱᠠᠭᠠᠷᠳᠠᠯᠭ᠎ᠠ ᠶᠢ | ᠢᠯᠡᠷᠡᠭᠦᠯᠦᠭᠰᠡᠨ ᠤᠯᠤᠰ ᠤᠨ ᠲᠠᠰ ᠤᠨ ᠡᠪᠡᠰᠦ ᠪᠡᠯᠴᠢᠭᠡᠷ ᠤᠨ ᠠᠵᠤ ᠠᠬᠤᠶ ᠶᠢᠨ ᠬᠦᠷᠢᠶᠡᠯᠡᠩ ᠲᠣᠭᠤᠷᠢᠭ ᠢ | ᠪᠠᠶᠢᠭᠤᠯᠬᠤ ᠪᠠᠷ ᠳᠠᠮᠵᠢᠭᠤᠯᠤᠨ᠂ ᠪᠥᠬᠦ ᠰᠢᠶᠠᠨ ᠤ ᠮᠠᠯ ᠪᠡᠯᠴᠢᠭᠡᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ | ᠠᠬᠢᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠭᠰᠠᠨ ᠪᠥᠬᠦ | ᠠᠵᠤ ᠦᠢᠯᠡᠰ ᠤᠨ ᠬᠡᠯᠬᠢᠶ᠎ᠡ ᠶᠢ ᠠᠬᠢᠭᠤᠯᠤᠨ᠂ ᠠᠵᠤ ᠦᠢᠯᠡᠰ ᠢ ᠦᠨᠡᠨᠬᠦ ᠬᠡᠯᠬᠢᠶᠡᠵᠢᠭᠰᠡᠨ ᠡᠪᠡᠰᠦ ᠪᠡᠯᠴᠢᠭᠡᠷ ᠢ ︽ | ᠲᠦᠭᠦᠬᠡᠶ ᠠᠯᠲᠠ︾ ᠪᠣᠯᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ | ᠲᠤᠬᠠᠶ ᠶᠢᠨ ᠡᠳᠦᠷ᠂ ᠵᠠᠩ ᠶᠦᠩ ᠸᠧᠨ ᠡᠩ ᠲᠡᠷᠢᠭᠦᠨ ᠳᠤ ᠡᠪᠡᠰᠦ ᠪᠡᠯᠴᠢᠭᠡᠷ ᠤᠨ ᠠᠵᠤ ᠠᠬᠤᠶ ᠶᠢᠨ | ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠠᠬᠢᠴᠠ ᠶᠢᠨ ᠪᠠᠶᠢᠳᠠᠯ ᠳᠤ ᠲᠤᠬᠠᠶ ᠶᠢᠨ ᠭᠠᠵᠠᠷ ᠤᠨ | ᠪᠠᠶᠢᠴᠠᠭᠠᠨ ᠰᠤᠳᠤᠯᠤᠯᠲᠠ ᠬᠢᠵᠡᠶ᠃ ᠳᠠᠷᠠᠭᠠᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠼᠤᠤ | ᠳ᠋ᠦ᠋ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ | ᠪᠣᠯᠤᠨ ᠣᠷᠣᠰᠢᠵᠤ ᠪᠠᠶᠢᠭ᠎ᠠ ᠬᠦᠴᠢᠷᠳᠡᠯ ᠤᠨ ᠲᠤᠬᠠᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠣᠷᠣᠰᠢᠵᠤ | ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠡᠮᠬᠢᠯᠡᠵᠦ᠂ ᠭᠦᠨᠵᠡᠭᠡᠶ ᠶᠠᠷᠢᠯᠴᠠᠵᠤ᠂ ᠰᠢᠢᠳᠪᠦᠷᠢᠯᠡᠬᠦ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠤᠳᠤᠯᠪᠠ᠃ | ᠵᠠᠩ ᠶᠦᠩ ᠸᠧᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠼᠤᠤ ᠳ᠋ᠦ᠋ | ᠪᠦᠯᠦᠭᠯᠡᠯ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ | ᠲᠠᠯ᠎ᠠ ᠶᠢᠨ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠵᠣᠭᠰᠣᠵᠤ᠂ ᠡᠪᠡᠰᠦ ᠪᠡᠯᠴᠢᠭᠡᠷ ᠤᠨ ᠠᠵᠤ | ᠠᠬᠤᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠪᠠᠶᠢᠷᠢ ᠲᠣᠭᠲᠠᠭᠠᠯᠲᠠ᠂ ᠠᠭᠤᠯᠤᠭᠳᠠᠬᠤᠨ ᠪᠠ ᠶᠠᠰᠤ ᠴᠢᠨᠠᠷ ᠤᠨ | ᠲᠠᠯ᠎ᠠ ᠪᠠᠷ ᠬᠦᠴᠦ ᠣᠷᠣᠭᠤᠯᠵᠤ᠂ ᠡᠪᠡᠰᠦ ᠪᠡᠯᠴᠢᠭᠡᠷ ᠤᠨ ᠠᠷᠠᠯᠵᠢᠶ᠎ᠠ ᠶᠢ ᠰᠦᠯᠵᠢᠶᠡᠵᠢᠭᠦᠯᠬᠦ᠂ ᠦᠢᠯᠡᠴᠢᠯᠡᠭᠡ ᠶᠢ | ᠰᠦᠯᠵᠢᠶᠡᠵᠢᠭᠦᠯᠬᠦ᠂ ᠬᠠᠮᠢᠶᠠᠷᠤᠯᠲᠠ ᠶᠢ ᠳ᠋ᠠᠶᠢᠲ᠋ᠠᠵᠢᠭᠤᠯᠬᠤ᠂ ᠦᠢᠯᠡᠳᠪᠦᠷᠢᠯᠡᠯ ᠢ ᠤᠶᠤᠨᠵᠢᠭᠤᠯᠬᠤ ᠬᠥᠭᠵᠢᠯᠲᠡ ᠶᠢᠨ | ᠬᠠᠷᠠᠯᠲᠠ ᠶᠢᠨ ᠲᠣᠭᠤᠷᠢᠨ ᠳᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠲᠦᠷᠭᠡᠨ ᠪᠥᠭᠡᠳ | ᠥᠨᠳᠥᠷ ᠪᠦᠲᠦᠮᠵᠢᠲᠡᠢ ᠪᠠᠶᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠬᠦᠴᠦᠲᠡᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃ | ᠵᠠᠩ ᠶᠦᠩ ᠸᠧᠨ᠂ ︽ᠳᠡᠯᠡᠬᠡᠢ ᠶᠢᠨ ᠬᠠᠷᠠᠭᠠᠰᠤ᠂ ᠬᠤᠷᠢᠨᠭᠡᠷ ᠤᠨ ᠣᠨᠴᠠᠯᠢᠭ᠂ ᠥᠨᠳᠥᠷ ᠪᠠᠶᠢᠷᠢ | ᠲᠣᠭᠲᠠᠭᠠᠯᠲᠠ︾᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠬᠦ᠂ ᠥᠨᠳᠥᠷ ᠲᠦᠪᠰᠢᠨ ᠢᠶᠠᠷ ᠲᠥᠯᠥᠪᠯᠡᠬᠦ᠂ | ᠥᠨᠳᠥᠷ ᠪᠠᠷᠢᠮᠵᠢᠶ᠎ᠠ ᠪᠠᠷ ᠪᠦᠳᠦᠬᠡᠨ ᠪᠠᠶᠢᠭᠤᠯᠬᠤ ᠶᠢ ᠪᠠᠷᠢᠮᠲᠠᠯᠠᠵᠤ᠂ ᠪᠦᠬᠦ ᠤᠯᠤᠰ ᠤᠨ ᠮᠠᠯ ᠪᠡᠯᠴᠢᠭᠡᠷ ᠢ ᠨᠢᠭᠡ | ᠴᠤᠬᠴᠠᠵᠢᠭᠤᠯᠬᠤ ᠰᠢᠨ᠎ᠡ ᠬᠡᠪ ᠳᠠᠭᠤᠷᠢᠶᠠᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠡᠪᠡᠰᠦ ᠪᠡᠯᠴᠢᠭᠡᠷ ᠤᠨ ᠠᠵᠤ | ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠮᠠᠯ | ᠪᠡᠯᠴᠢᠭᠡᠷ ᠢ ᠢᠵᠢ ᠪᠥᠷᠢᠳᠦᠭᠦᠯᠬᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ | ᠡᠪᠡᠰᠦᠨ ᠤ ᠦᠢᠯᠡᠰ ᠬᠢᠭᠡᠳ ᠰᠦ ᠶᠢᠨ ᠦᠢᠯᠡᠰ ᠤᠨ ᠦᠢᠯᠡᠳᠪᠦᠷᠢᠯᠡᠯ᠂ ᠠᠮᠢ ᠠᠬᠤᠶ ᠶᠢᠨ ᠬᠠᠮᠠᠭᠠᠯᠠᠯᠲᠠ ᠶᠢ | ᠵᠣᠬᠢᠴᠠᠯᠳᠤᠭᠤᠯᠤᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ︽ᠵᠠᠬ᠎ᠠ ᠳᠡᠯᠭᠡᠭᠦᠷ ᠢ ᠵᠣᠯᠭᠠᠭᠤᠯᠵᠤ᠂ ᠲᠡᠵᠢᠭᠡᠬᠦ ᠶᠢᠨ | ᠲᠥᠯᠥᠭᠡ ᠳᠠᠷᠢᠬᠤ︾ ᠪᠠᠷ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ | ᠬᠠᠷᠠᠯᠲᠠ ᠪᠣᠯᠭᠠᠵᠤ᠂ ᠡᠪᠡᠰᠦ ᠪᠡᠯᠴᠢᠭᠡᠷ ᠤᠨ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠠᠷᠢᠶᠠᠴᠢᠨ ᠡᠷᠦᠬᠡ ᠳᠤ ᠡᠪᠡᠰᠦᠨ ᠤ ᠠᠵᠤ ᠦᠶ᠋ᠯᠡᠰ ᠤᠨ | ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠡᠳ᠋ᠯᠡᠭᠦᠯᠵᠦ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ | ᠪᠡᠶᠡᠯᠡᠭᠦᠯᠬᠦ ᠬᠡᠷᠡᠭᠲᠡᠶ ᠭᠡᠵᠡᠦ ᠴᠢᠬᠤᠯᠠᠴᠢᠯᠠᠭᠰᠠᠨ ᠪᠠᠶᠢᠨ᠎ᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠯᠢᠦ ᠰᠢᠶᠤᠤ ᠪᠠᠶᠢᠴᠠᠭᠠᠨ | ᠰᠤᠳᠤᠯᠤᠯᠲᠠ ᠳᠤ ᠣᠷᠣᠯᠴᠠᠭᠰᠠᠨ ᠪᠥᠭᠡᠳ ᠲᠦᠷᠦᠯ ᠵᠦᠢᠯ ᠢ ᠠᠬᠢᠭᠤᠯᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ | ᠳᠤᠷᠠᠳᠴᠠᠢ᠃ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠪᠣᠯᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ |