ᠾᠧ ᠬᠠᠢ ᠳ᠋ᠦᠩ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠨᠢᠭᠡᠳᠦᠭᠡᠷ ᠲᠣᠪᠴᠢᠶ᠎ᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠴᠧᠨ ᡁᠢ ᠮᠢᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2021/3/26
      ︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠨᠢᠭᠡᠳᠦᠭᠡᠷ ᠲᠣᠪᠴᠢᠶ᠎ᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠶᠡᠷᠦᠩᠬᠡᠢ ᠳᠠᠭᠠᠭᠠᠮᠠᠯ ᠴᠧᠨ ᡁᠢ ᠮᠢᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠬᠠᠮᠲᠤᠷᠠᠯᠴᠠᠭ᠎ᠠ ᠵᠡᠷᠭᠡ ᠤᠴᠢᠷ ᠶᠠᠪᠤᠳᠠᠯ ᠢ ᠬᠡᠯᠡᠯᠴᠡᠪᠡ᠃      ᠾᠧ ᠬᠠᠢ ᠳ᠋ᠦᠩ ᠵᠢᠭᠠᠬᠤ ᠳᠠᠭᠠᠨ᠂ ᠰᠢᠨ᠎ᠡ ᠬᠥᠭᠵᠢᠯᠲᠡ ᠶᠢᠨ ᠦᠵᠡᠯᠲᠡ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ︽ᠪᠣᠬᠢᠷᠲᠤᠯ ᠦᠭᠡᠢ︾ ︽ᠳᠣᠣᠷ᠎ᠠ ᠨᠡᠭᠦᠷᠡᠰᠦᠲᠥ᠋ᠷᠥᠭᠴᠢ︾ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠤᠪᠢᠷᠠᠬᠤ ᠶᠢ ᠠᠬᠢᠭᠤᠯᠬᠤ ᠬᠡᠷᠡᠭᠲᠡᠢ᠃ ︽ᠨᠢᠭᠡᠳᠦᠯᠲᠡᠢ ᠲᠥᠯᠥᠪᠵᠢᠭᠦᠯᠦᠨ ᠂ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠡᠮᠬᠢ ᠵᠢᠷᠤᠮ ᠲᠠᠢ ᠬᠡᠷᠡᠭᠵᠢᠭᠦᠯᠵᠦ︾᠂ ᠲᠥᠪ ᠬᠤᠲᠠ ᠶᠢᠨ ᠪᠣᠳᠠᠲᠤ ᠪᠠᠶᠢᠳᠠᠯ ᠢ ᠡᠷᠬᠢᠮᠯᠡᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ  ᠲᠠᠢ ᠤᠶᠠᠯᠳᠤᠭᠤᠯᠵᠤ᠂ ᠲᠥᠷᠥᠯ ᠵᠦᠢᠯ ᠢ ᠰᠡᠳᠦᠵᠦ ᠲᠥᠯᠥᠪᠯᠡᠬᠦ ᠲᠥᠰᠥᠯ ᠢ ᠨᠠᠷᠢᠨ ᠬᠢᠨᠠᠮᠠᠭᠠᠢ ᠲᠣᠭᠲᠠᠭᠠᠵᠤ᠂ ᠲᠥᠷᠥᠯ ᠵᠦᠢᠯ ᠢ ᠡᠷᠲᠡᠬᠡᠨ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠬᠡᠷᠡᠭᠲᠡᠢ᠃ ᠬᠥᠬᠡᠬᠤᠲᠠ ᠠᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠦᠢᠯᠡᠴᠢᠯᠡᠭᠡ ᠶᠢ ᠦᠨᠡᠨ ᠰᠡᠳᠬᠢᠯ ᠠᠴᠠ ᠪᠠᠨ ᠰᠠᠶᠢᠨ ᠬᠢᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠥᠯᠥᠪᠵᠢᠭᠦᠯᠭᠡ᠂ ᠭᠠᠵᠠᠷ ᠬᠡᠷᠡᠭᠯᠡᠬᠦ᠂ ᠭᠠᠵᠠᠷ ᠲᠠᠲᠠᠪᠤᠷᠢᠯᠠᠬᠤ᠂ ᠨᠤᠷᠠᠭᠠᠨ ᠰᠢᠯᠵᠢᠭᠦᠯᠵᠦ ᠲᠥᠪᠬᠢᠨᠡᠭᠦᠯᠬᠦ ᠵᠡᠷᠭᠡ ᠲᠠᠯ᠎ᠠ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ᠣᠷᠣᠨ ᠨᠤᠲᠤᠭ ᠪᠣᠯᠣᠨ ᠠᠵᠤ ᠠᠬᠤᠶᠢᠯᠠᠯ ᠤᠨ ᠬᠠᠮᠲᠤ ᠶᠢᠨ ᠬᠥᠭᠵᠢᠯᠲᠡ᠂ ᠬᠠᠮᠲᠤ ᠶᠢᠨ ᠠᠰᠢᠭ ᠲᠤᠰᠠ ᠶᠢ ᠪᠡᠶᠡᠯᠡᠭᠦᠯᠦᠨ᠎ᠡ ᠭᠡᠵᠡᠢ᠃      ᠴᠧᠨ ᡁᠢ ᠮᠢᠩ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠨᠢᠭᠡᠳᠦᠭᠡᠷ ᠲᠣᠪᠴᠢᠶ᠎ᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠣᠷᠴᠢᠮ ᠤᠨ ᠵᠢᠯ ᠤᠨ ᠭᠤᠣᠯ ᠲᠤᠬᠠᠶᠢᠯᠠᠭᠰᠠᠨ ᠠᠵᠢᠯ᠂ ᠦᠢᠯᠡᠳᠪᠦᠷᠢᠯᠡᠯ ᠡᠵᠡᠩᠨᠡᠯᠲᠡ ᠶᠢᠨ ᠬᠠᠷᠠᠯᠲᠠ᠂ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ  ᠲᠠᠢ᠂ ᠥᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ᠂ ᠲᠥᠪ ᠬᠤᠲᠠ ᠲᠠᠢ ᠢᠳᠡᠪᠬᠢᠲᠡᠢ ᠬᠠᠮᠲᠤᠷᠠᠯᠴᠠᠵᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号