ᠢᠦᠢ ᠴᠢᠦᠸᠠᠨ ᠲᠣᠭᠤᠷᠢᠭ᠄ ︽ᠰᠡᠳᠬᠢᠴᠡ ᠶᠢᠨ ᠡᠷᠡᠭᠦᠯ ᠮᠡᠨᠳᠦ ᠶᠢᠨ ᠰᠠᠷ᠎ᠠ︾ ᠶᠢᠨ ᠲᠥᠰᠥᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2021/3/26
     ᠣᠶᠢᠷ᠎ᠠ ᠳᠤ᠂ ᠢᠦᠢ ᠴᠢᠦᠸᠠᠨ ᠲᠣᠭᠤᠷᠢᠭ ᠤᠨ ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ᠂ ᠴᠢᠩ ᠶᠤᠸᠠᠨ ᠰᠡᠳᠬᠢᠴᠡ ᠶᠢᠨ ᠡᠷᠡᠭᠦᠯ ᠮᠡᠨᠳᠦ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠬᠠᠮᠲᠤᠷᠠᠨ ︽ᠰᠡᠳᠬᠢᠴᠡ ᠶᠢᠨ ᠡᠷᠡᠭᠦᠯ ᠮᠡᠨᠳᠦ ᠶᠢᠨ ᠰᠠᠷ᠎ᠠ︾ ᠶᠢᠨ ᠲᠥᠰᠥᠯ ᠢ ᠡᠬᠢᠯᠡᠭᠦᠯᠪᠡ᠃      ᠣᠶᠢᠯᠠᠭᠠᠭᠰᠠᠨ ᠢᠶᠠᠷ᠂ ᠲᠤᠰ ᠲᠥᠰᠥᠯ ᠨᠢ ︽ᠰᠡᠳᠬᠢᠴᠡ ᠶᠢᠨ ᠡᠷᠡᠭᠦᠯ ᠮᠡᠨᠳᠦ ᠶᠢᠨ ᠰᠠᠷ᠎ᠠ︾ ᠪᠠᠷ ᠰᠡᠳᠦᠪᠯᠡᠵᠦ᠂ ︽ᠪᠢ ᠣᠯᠠᠨ ᠲᠦᠮᠡᠨ ᠳᠤ ᠪᠣᠳᠠᠲᠠᠢ ᠤᠴᠢᠷ ᠬᠢᠬᠦ︾ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ︽ᠨᠠᠮ ᠤᠨ ᠪᠠᠶᠢᠭᠤᠯᠤᠯᠲᠠ ᠶᠢᠨ ᠬᠤᠯᠪᠣᠭᠠᠯᠠᠭᠰᠠᠨ ᠴᠣᠭᠴᠠ +︾ ᠬᠡᠪ ᠮᠠᠶ᠋ᠢᠭ ᠢ ᠲᠠᠰᠤᠷᠠᠯᠲᠠ ᠦᠭᠡᠢ ᠰᠦᠪᠡᠭᠴᠢᠯᠡᠵᠦ᠂ ᠨᠡᠶᠢᠭᠡᠮ ᠲᠣᠭᠤᠷᠢᠭ ᠲᠤ ᠲᠠᠶᠢᠯᠤᠮᠵᠢ ᠬᠢᠬᠦ᠂ ᠬᠠᠮᠲᠤ ᠶᠢᠨ ᠵᠢᠭᠠᠨ ᠵᠢᠯᠣᠭᠤᠳᠤᠯᠭ᠎ᠠ᠂ ᠲᠤᠰᠬᠠᠢ ᠮᠡᠷᠭᠡᠵᠢᠯᠲᠡᠨ ᠠᠬᠤᠢ ᠲᠠᠯᠠᠪᠠᠢ ᠶᠢᠨ ᠠᠰᠠᠭᠤᠨ ᠯᠠᠪᠯᠠᠬᠤ ᠳᠤ ᠣᠷᠣᠯᠴᠠᠬᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠲᠤᠰᠬᠠᠢ ᠦᠢᠯᠡᠴᠢᠯᠡᠭᠡ ᠬᠠᠩᠭᠠᠬᠤ ᠪᠣᠯᠣᠨ᠎ᠠ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号