ᠠᠵᠢᠯ ᠡᠬᠢᠯᠡᠪᠡᠯ ᠳᠠᠷᠤᠢ ᠰᠢᠢᠳᠪᠦᠷᠢᠲᠦ ᠪᠠᠶᠢᠯᠳᠤᠭᠠᠨ᠂ ᠡᠬᠢᠯᠡᠯᠲᠡ ᠶᠢᠨ ᠦᠶ᠎ᠡ ᠪᠣᠯ ᠳᠠᠷᠣᠢ ᠰᠢᠪᠲᠤᠯᠤᠯᠲᠠ ᠪᠣᠯᠣᠨ᠎ᠠ᠂ 3 ᠳ᠋ᠤᠭᠠᠷ ᠰᠠᠷ᠎ᠠ ᠶᠢᠨ 21 ᠤ | ᠡᠳᠦᠷ ᠮᠠᠨ ᠤ ᠰᠢᠶᠠᠨ ᠤ ᠱᠧᠩ ᠯᠧ ᠪᠠᠯᠭᠠᠰᠤᠨ ᠳᠤ ᠶᠠᠪᠤᠭᠳᠠᠭᠰᠠᠨ ᠪᠦᠬᠦ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠨᠢ ᠪᠦᠬᠦ ᠬᠤᠳᠠ ᠪᠠᠷ ᠢᠶᠠᠨ ᠪᠠᠷᠢᠯᠭ᠎ᠠ ᠶᠢᠨ ᠭᠠᠵᠠᠷ ᠢᠶᠠᠷ ᠵᠢᠭᠰᠠᠭᠠᠯ ᠤᠨ ᠭᠠᠵᠠᠷ ᠪᠣᠯᠭᠠᠵᠤ | ᠂ ᠲᠤᠬᠠᠢ ᠶᠢᠨ ᠲᠠᠯᠠᠪᠠᠢ ᠪᠠᠷ ᠰᠢᠯᠭᠠᠯᠲᠠ ᠶᠢᠨ ᠲᠠᠯᠠᠪᠠᠢ ᠪᠣᠯᠭᠠᠬᠤ ᠪᠠᠷ ᠤᠷᠢᠶᠠᠯᠠᠵᠤ᠂ ᠠᠬᠢᠴᠠ ᠪᠠᠷ ᠣᠪᠣᠷ ᠢ ᠪᠣᠳᠣᠯᠬᠢᠯᠠᠵᠤ᠂ ᠴᠠᠭ ᠮᠥᠴᠡ ᠶᠢ ᠠᠮᠵᠢᠨ ᠪᠦᠬᠦ | ᠲᠠᠯ᠎ᠠ ᠪᠠᠷ ᠬᠦᠴᠦᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠵᠤ᠂ ᠣᠷᠣᠨ ᠤ ᠲᠥᠪ ᠤᠨ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠨᠡᠩ ᠤᠯᠠᠨ ᠣᠷᠣᠨ ᠤ ᠲᠥᠪ ᠤᠨ ᠬᠦᠴᠦᠨ ᠢ ᠨᠡᠮᠡᠷᠢᠯᠡᠨ᠎ᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ | ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠤᠨ ᠳᠠᠷᠤᠭ᠎ᠠ ᠮᠥ ᠶᠤᠸᠠᠨ ᠤᠷᠢᠯᠭ᠎ᠠ ᠪᠠᠷ ᠣᠷᠣᠯᠴᠠᠵᠠᠶ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠶᠠᠷᠢᠶ᠎ᠠ ᠲᠠᠯᠪᠢᠭᠰᠠᠨ ᠪᠥᠭᠡᠳ ᠠᠵᠢᠯ ᠡᠬᠢᠯᠡᠭᠰᠡᠨ ᠢ | ᠵᠠᠷᠯᠠᠪᠠ᠃ ᠲᠡᠷᠡ ᠬᠡᠯᠡᠬᠦ ᠳᠡᠭᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠠᠮᠤᠷ ᠲᠦᠪᠰᠢᠨ ᠳᠤ | ᠬᠤᠯᠪᠣᠭᠳᠠᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠠᠷᠠᠳ ᠣᠯᠠᠨ ᠤ ᠠᠵᠠ ᠵᠢᠷᠭᠠᠯ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ | ᠠᠮᠢᠳᠤᠷᠠᠯ ᠤᠨ ᠢᠨᠵᠧᠨᠧᠷᠢᠩ ᠮᠥᠨ᠂ ᠲᠠᠷᠢᠶᠠᠯᠠᠩ ᠤᠨ ᠬᠤᠪᠢ ᠶᠢᠨ ᠵᠢᠩ ᠢ ᠨᠡᠮᠡᠭᠳᠡᠭᠦᠯᠬᠦ᠂ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠴᠢᠬᠤᠯᠠ | ᠪᠣᠳᠠᠲᠠᠶ ᠠᠷᠭ᠎ᠠ ᠬᠡᠮᠵᠢᠶ᠎ᠡ ᠮᠥᠨ᠂ ᠪᠠᠰᠠ ᠴᠤ ᠬᠠᠲᠤᠨ ᠭᠤᠤᠯ ᠳᠠᠭᠠᠤ ᠶᠢᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠴᠢᠨᠠᠷ ᠰᠠᠶᠢᠲᠠᠶ | ᠬᠥᠭᠵᠢᠭᠦᠯᠬᠦ ᠶᠢ ᠠᠬᠢᠭᠤᠯᠬᠤ ᠴᠢᠬᠤᠯᠠ ᠠᠵᠢᠯ ᠤᠨ ᠭᠠᠷᠳᠠᠴᠠ ᠮᠥᠨ ᠭᠡᠵᠡᠶ᠃ | ᠾᠧ ᠬᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠡᠭᠦᠷᠭᠡ ᠡᠭᠦᠷᠭᠡᠯᠡᠵᠦ ᠪᠠᠶᠢᠭ᠎ᠠ ᠭᠠᠵᠠᠷ ᠣᠷᠣᠨ ᠤ ᠬᠢᠨ ᠡᠨᠡ ᠵᠢᠯ ᠤᠨ ᠪᠥᠬᠦ ᠬᠤᠲᠠ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ 51.2 ᠲᠦᠮᠡᠨ ᠮᠥ ᠶᠢᠨ ᠶᠡᠷᠦᠩᠬᠡᠶ ᠡᠭᠦᠷᠭᠡ ᠪᠠ 2020 ᠣᠨ ᠤ ᠰᠡᠭᠦᠯ ᠬᠤᠷᠢᠶᠠᠬᠤ ᠠᠵᠢᠯ ᠤᠨ ᠠᠬᠢᠴᠠ ᠶᠢ | ᠪᠠᠲᠤᠯᠠᠬᠤ ᠶᠢ ᠴᠢᠩᠭ᠎ᠠ ᠠᠩᠬᠠᠷᠴᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ 2020 ᠣᠨ ᠠᠴᠠ ᠡᠮᠦᠨ᠎ᠡ ᠪᠡᠶᠡᠯᠡᠭᠦᠯᠦᠭᠰᠡᠨ ᠥᠬᠡᠶ ᠡᠭᠦᠷᠭᠡ ᠪᠠ | ᠭᠠᠵᠠᠷ ᠰᠢᠷᠣᠶ ᠶᠢ ᠡᠮᠬᠢᠯᠡᠨ ᠴᠡᠭᠴᠡᠯᠡᠬᠦ ᠡᠭᠦᠷᠭᠡ ᠪᠠᠨ ᠪᠡᠶᠡᠯᠡᠭᠦᠯᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠵᠤ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠶᠠᠰᠤ ᠴᠢᠨᠠᠷ ᠢ ᠪᠠᠲᠤᠯᠠᠵᠤ᠂ ᠨᠢᠭᠡ ᠪᠦᠯᠦᠭ ᠲᠠᠷᠢᠶᠠᠨ ᠭᠠᠵᠠᠷ ᠤᠨ ᠲᠥᠷᠥᠯ ᠵᠦᠢᠯ ᠢ ᠥᠨᠳᠥᠷ | ᠪᠠᠷᠢᠮᠵᠢᠶ᠎ᠠ ᠪᠠᠷ ᠪᠠᠶᠢᠭᠤᠯᠵᠤ᠂ ᠵᠢᠱᠢᠶ᠎ᠡ ᠦᠵᠡᠭᠦᠯᠬᠦ ᠬᠡᠰᠡᠭ ᠣᠷᠣᠨ ᠪᠠ ᠨᠡᠶᠢᠲᠡᠯᠢᠭ ᠲᠤᠷᠰᠢᠯᠭ᠎ᠠ ᠶᠢ ᠪᠣᠶ ᠪᠣᠯᠭᠠᠵᠤ᠂ ᠪᠥᠬᠦ ᠬᠤᠲᠠ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠶ᠃ ᠤᠭ ᠰᠠᠨᠠᠭ᠎ᠠ ᠪᠠᠨ | ᠪᠠᠷᠢᠮᠲᠠᠯᠠᠵᠤ᠂ ᠡᠯ᠎ᠡ ᠭᠠᠵᠠᠷ ᠣᠷᠣᠨ ᠤ ᠬᠢᠨ ︽ᠵᠠᠬ᠎ᠠ ᠳᠡᠯᠭᠡᠭᠦᠷ ᠲᠠᠢ ᠵᠣᠯᠭᠠᠭᠤᠯᠵᠤ᠂ ᠲᠡᠵᠢᠭᠡᠬᠦ ᠶᠢᠨ ᠲᠥᠯᠥᠭᠡ ᠲᠠᠷᠢᠬᠤ︾ ᠪᠠᠷ ᠲᠠᠷᠢᠶᠠᠴᠢᠳ ᠢ | ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠬᠠᠷᠠᠯᠲᠠ ᠪᠣᠯᠭᠠᠵᠤ᠂ ᠡᠪᠡᠰᠦ ᠪᠡᠯᠴᠢᠭᠡᠷ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠪᠠᠷ | ᠭᠠᠷᠳᠠᠴᠠ ᠪᠣᠯᠭᠠᠵᠤ᠂ ᠲᠠᠷᠢᠶᠠᠴᠢᠨ ᠡᠷᠦᠬᠡ ᠳᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠡᠳ᠋ᠯᠡᠭᠦᠯᠵᠦ᠂ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠣᠲᠠᠲᠠᠶᠢᠵᠢᠭᠤᠯᠵᠤ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠶᠡᠷᠦᠩᠬᠡᠢ ᠠᠵᠢᠯ ᠢ ᠠᠳᠬᠤᠵᠤ᠂ ᠡᠯ᠎ᠡ ᠭᠠᠵᠠᠷ ᠣᠷᠣᠨ ᠤ ᠨᠢᠭᠡᠳᠦᠭᠡᠷ ᠬᠠᠷᠢᠭᠤᠴᠠᠯᠭᠠᠲᠠᠨ | ᠪᠡᠶ᠎ᠡ ᠪᠠᠷ ᠢᠶᠠᠨ ᠣᠷᠣᠯᠴᠠᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠬᠤ ᠪᠠᠨ ᠴᠢᠩᠭᠠᠳᠬᠠᠵᠤ᠂ ᠪᠦᠬᠦ ᠬᠤᠳᠠ ᠶᠢᠨ ᠳᠡᠭᠡᠳᠦ ᠲᠤᠤᠷᠠᠳᠤ | ᠱᠠᠳᠤ ᠪᠠᠷ ᠢᠶᠠᠨ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠴᠠᠩ ᠫᠧᠶ ᠵᠥᠩ᠂ ᠪᠠᠶ ᠶᠦᠩ ᠫᠢᠩ᠂ ᠵᠠᠩ ᠶᠢᠨ ᠫᠢᠩ᠂ ᠶᠦᠨ ᠬᠠᠶ᠂ ᠡᠤ ᠸᠧᠨ ᠮᠢᠩ᠂ ᠶᠦᠨ ᠰᠢᠨ ᠮᠢᠩ ᠵᠢᠴᠢ | ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠠᠵᠢᠯ ᠡᠬᠢᠯᠡᠬᠦ ᠶᠣᠰᠣᠯᠠᠯ ᠳᠤ | ᠣᠷᠣᠯᠴᠠᠪᠠ᠃ | ᠠᠵᠢᠯ ᠡᠬᠢᠯᠡᠬᠦ ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ | ᠴᠠᠭ ᠮᠥᠴᠡ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠡᠵᠢᠶᠡᠳᠡ ᠴᠠᠯᠠᠭᠠᠶᠢᠷᠠᠬᠤ | ᠦᠭᠡᠢ᠂ ᠴᠤᠴᠠᠯᠲᠠ ᠦᠭᠡᠢ ᠲᠡᠮᠡᠴᠡᠬᠦ ᠣᠪᠣᠷ ᠪᠠᠶᠢᠳᠠᠯ ᠢᠶᠠᠷ᠂ ᠠᠬ᠎ᠠ ᠳᠡᠭᠦᠦ ᠬᠤᠰᠢᠭᠤ ᠰᠢᠶᠠᠨ ᠲᠣᠭᠤᠷᠢᠭ ᠲᠠᠢ ᠬᠠᠮᠲᠤᠪᠠᠷ ᠰᠣᠳᠣᠨ ᠪᠦᠲᠦᠭᠡᠯ ᠤᠨ | ᠢᠨᠵᠧᠨᠧᠷᠢᠩ᠂ ᠦᠯᠢᠭᠡᠷ ᠳᠠᠭᠤᠷᠢᠶᠠᠯ ᠤᠨ ᠢᠨᠵᠧᠨᠧᠷᠢᠩ ᠢ ᠴᠢᠷᠮᠠᠶᠢᠨ ᠪᠠᠶᠢᠭᠤᠯᠵᠤ᠂ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠰᠢᠯᠢᠳᠡᠭ ᠬᠢᠷᠢ | ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠡᠷᠭᠦᠨ᠎ᠡ ᠭᠡᠵᠦ ᠢᠯᠡᠳᠬᠡᠵᠡᠢ᠃ |