ᠰᠢᠶᠠᠨ ᠤ ᠤᠳᠤᠷᠢᠳᠤᠯᠭ᠎ᠠ ᠼᠤᠤ ᠳ᠋ᠦ᠋ ᠺᠣᠮᠫᠠᠨᠢ ᠶᠢᠨ ᠡᠪᠡᠰᠦ ᠪᠡᠯᠴᠢᠭᠡᠷ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/3/26
     3 ᠳ᠋ᠤᠭᠠᠷ ᠰᠠᠷ᠎ᠠ ᠶᠢᠨ 23 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠼᠤᠤ ᠳ᠋ᠦ᠋ ᠺᠣᠮᠫᠠᠨᠢ ᠶᠢᠨ ᠡᠪᠡᠰᠦ ᠪᠡᠯᠴᠢᠭᠡᠷ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠡᠪᠡᠰᠦ ᠪᠡᠯᠴᠢᠭᠡᠷ ᠤᠨ ᠬᠠᠩᠭᠠᠯᠭ᠎ᠠ ᠬᠢᠬᠦ ᠡᠨᠡ ᠬᠦ ᠭᠤᠤᠯᠳᠠᠯᠭ᠎ᠠ ᠶᠢ ᠪᠠᠲᠤ ᠠᠳᠬᠤᠵᠤ᠂ ︽ᠲᠡᠵᠢᠭᠡᠬᠦ ᠶᠢᠨ ᠲᠥᠯᠥᠭᠡ ᠳᠠᠷᠢᠵᠤ᠂ ᠳᠠᠷᠢᠬᠤ ᠪᠠᠷ ᠲᠡᠵᠢᠭᠡᠬᠦ ᠶᠢ ᠠᠬᠢᠭᠤᠯᠬᠤ︾ ᠰᠡᠳᠬᠢᠴᠡ ᠶᠢ ᠪᠠᠷᠢᠮᠲᠠᠯᠠᠨ᠂ ᠣᠶ ᠰᠢᠭᠤᠶ ᠶᠢᠨ ᠪᠣᠳᠠᠲᠠᠶ ᠳᠤ ᠨᠡᠶᠢᠴᠡᠬᠦ ᠮᠥᠷᠲᠡᠭᠡᠨ ᠪᠠᠰᠠ ᠰᠢᠨ᠎ᠡ ᠬᠥᠭᠵᠢᠯᠲᠡ ᠶᠢᠨ ᠣᠨᠣᠯᠵᠢᠬᠤᠨ ᠤ ᠱᠠᠭᠠᠷᠳᠠᠯᠭ᠎ᠠ ᠶᠢ ᠢᠯᠡᠷᠡᠭᠦᠯᠦᠭᠰᠡᠨ ᠤᠯᠤᠰ ᠤᠨ ᠲᠠᠰ ᠤᠨ ᠡᠪᠡᠰᠦ ᠪᠡᠯᠴᠢᠭᠡᠷ ᠤᠨ ᠠᠵᠤ ᠠᠬᠤᠶ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠳᠠᠮᠵᠢᠭᠤᠯᠤᠨ᠂ ᠪᠥᠬᠦ ᠰᠢᠶᠠᠨ ᠤ ᠮᠠᠯ ᠪᠡᠯᠴᠢᠭᠡᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢ ᠠᠬᠢᠭᠤᠯᠤᠨ᠂ ᠠᠵᠤ ᠦᠢᠯᠡᠰ ᠢ ᠦᠨᠡᠨᠬᠦ ᠬᠡᠯᠬᠢᠶᠡᠵᠢᠭᠰᠡᠨ ᠡᠪᠡᠰᠦ ᠪᠡᠯᠴᠢᠭᠡᠷ ᠢ ︽ᠲᠦᠭᠦᠬᠡᠶ ᠠᠯᠲᠠ︾ ᠪᠣᠯᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠲᠤᠬᠠᠶ ᠶᠢᠨ ᠡᠳᠦᠷ᠂ ᠵᠠᠩ ᠶᠦᠩ ᠸᠧᠨ ᠡᠩ ᠲᠡᠷᠢᠭᠦᠨ ᠳᠤ ᠡᠪᠡᠰᠦ ᠪᠡᠯᠴᠢᠭᠡᠷ ᠤᠨ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠠᠬᠢᠴᠠ ᠶᠢᠨ ᠪᠠᠶᠢᠳᠠᠯ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠡᠶ᠃ ᠳᠠᠷᠠᠭᠠᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠼᠤᠤ ᠳ᠋ᠦ᠋ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠬᠦᠴᠢᠷᠳᠡᠯ ᠤᠨ ᠲᠤᠬᠠᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠡᠮᠬᠢᠯᠡᠵᠦ᠂ ᠭᠦᠨᠵᠡᠭᠡᠶ ᠶᠠᠷᠢᠯᠴᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠤᠳᠤᠯᠪᠠ᠃      ᠵᠠᠩ ᠶᠦᠩ ᠸᠧᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠼᠤᠤ ᠳ᠋ᠦ᠋ ᠪᠦᠯᠦᠭᠯᠡᠯ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠵᠣᠭᠰᠣᠵᠤ᠂ ᠡᠪᠡᠰᠦ ᠪᠡᠯᠴᠢᠭᠡᠷ ᠤᠨ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠪᠠᠶᠢᠷᠢ ᠲᠣᠭᠲᠠᠭᠠᠯᠲᠠ᠂ ᠠᠭᠤᠯᠤᠭᠳᠠᠬᠤᠨ ᠪᠠ ᠶᠠᠰᠤ ᠴᠢᠨᠠᠷ ᠤᠨ ᠲᠠᠯ᠎ᠠ ᠪᠠᠷ ᠬᠦᠴᠦ ᠣᠷᠣᠭᠤᠯᠵᠤ᠂ ᠡᠪᠡᠰᠦ ᠪᠡᠯᠴᠢᠭᠡᠷ ᠤᠨ ᠠᠷᠠᠯᠵᠢᠶ᠎ᠠ ᠶᠢ ᠰᠦᠯᠵᠢᠶᠡᠵᠢᠭᠦᠯᠬᠦ᠂ ᠦᠢᠯᠡᠴᠢᠯᠡᠭᠡ ᠶᠢ ᠰᠦᠯᠵᠢᠶᠡᠵᠢᠭᠦᠯᠬᠦ᠂ ᠬᠠᠮᠢᠶᠠᠷᠤᠯᠲᠠ ᠶᠢ ᠳ᠋ᠠᠶᠢᠲ᠋ᠠᠵᠢᠭᠤᠯᠬᠤ᠂ ᠦᠢᠯᠡᠳᠪᠦᠷᠢᠯᠡᠯ ᠢ ᠤᠶᠤᠨᠵᠢᠭᠤᠯᠬᠤ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠶᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠬᠦᠴᠦᠲᠡᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃      ᠵᠠᠩ ᠶᠦᠩ ᠸᠧᠨ᠂ ︽ᠳᠡᠯᠡᠬᠡᠢ ᠶᠢᠨ ᠬᠠᠷᠠᠭᠠᠰᠤ᠂ ᠬᠤᠷᠢᠨᠭᠡᠷ ᠤᠨ ᠣᠨᠴᠠᠯᠢᠭ᠂ ᠥᠨᠳᠥᠷ ᠪᠠᠶᠢᠷᠢ ᠲᠣᠭᠲᠠᠭᠠᠯᠲᠠ︾᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠬᠦ᠂ ᠥᠨᠳᠥᠷ ᠲᠦᠪᠰᠢᠨ ᠢᠶᠠᠷ ᠲᠥᠯᠥᠪᠯᠡᠬᠦ᠂ ᠥᠨᠳᠥᠷ ᠪᠠᠷᠢᠮᠵᠢᠶ᠎ᠠ ᠪᠠᠷ ᠪᠦᠳᠦᠬᠡᠨ ᠪᠠᠶᠢᠭᠤᠯᠬᠤ ᠶᠢ ᠪᠠᠷᠢᠮᠲᠠᠯᠠᠵᠤ᠂ ᠪᠦᠬᠦ ᠤᠯᠤᠰ ᠤᠨ ᠮᠠᠯ ᠪᠡᠯᠴᠢᠭᠡᠷ ᠢ ᠨᠢᠭᠡ ᠴᠤᠬᠴᠠᠵᠢᠭᠤᠯᠬᠤ ᠰᠢᠨ᠎ᠡ ᠬᠡᠪ ᠳᠠᠭᠤᠷᠢᠶᠠᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠡᠪᠡᠰᠦ ᠪᠡᠯᠴᠢᠭᠡᠷ ᠤᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠮᠠᠯ ᠪᠡᠯᠴᠢᠭᠡᠷ ᠢ ᠢᠵᠢ ᠪᠥᠷᠢᠳᠦᠭᠦᠯᠬᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠡᠪᠡᠰᠦᠨ ᠤ ᠦᠢᠯᠡᠰ ᠬᠢᠭᠡᠳ ᠰᠦ ᠶᠢᠨ ᠦᠢᠯᠡᠰ ᠤᠨ ᠦᠢᠯᠡᠳᠪᠦᠷᠢᠯᠡᠯ᠂ ᠠᠮᠢ ᠠᠬᠤᠶ ᠶᠢᠨ ᠬᠠᠮᠠᠭᠠᠯᠠᠯᠲᠠ ᠶᠢ ᠵᠣᠬᠢᠴᠠᠯᠳᠤᠭᠤᠯᠤᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ︽ᠵᠠᠬ᠎ᠠ ᠳᠡᠯᠭᠡᠭᠦᠷ ᠢ ᠵᠣᠯᠭᠠᠭᠤᠯᠵᠤ᠂ ᠲᠡᠵᠢᠭᠡᠬᠦ ᠶᠢᠨ ᠲᠥᠯᠥᠭᠡ ᠳᠠᠷᠢᠬᠤ︾ ᠪᠠᠷ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠬᠠᠷᠠᠯᠲᠠ ᠪᠣᠯᠭᠠᠵᠤ᠂ ᠡᠪᠡᠰᠦ ᠪᠡᠯᠴᠢᠭᠡᠷ ᠤᠨ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠠᠷᠢᠶᠠᠴᠢᠨ ᠡᠷᠦᠬᠡ ᠳᠤ ᠡᠪᠡᠰᠦᠨ ᠤ ᠠᠵᠤ ᠦᠶ᠋ᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠡᠳ᠋ᠯᠡᠭᠦᠯᠵᠦ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠶ ᠭᠡᠵᠡᠦ ᠴᠢᠬᠤᠯᠠᠴᠢᠯᠠᠭᠰᠠᠨ ᠪᠠᠶᠢᠨ᠎ᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠯᠢᠦ ᠰᠢᠶᠤᠤ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠲᠦᠷᠦᠯ ᠵᠦᠢᠯ ᠢ ᠠᠬᠢᠭᠤᠯᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ