ᠰᠢᠨ᠎ᠡ ᠬᠤᠲᠠ ᠲᠣᠭᠤᠷᠢᠭ 2021 ᠣᠨ ᠤ ᠪᠥᠬᠦ ᠲᠤᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/29
     3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ 2021 ᠣᠨ ᠤ ᠪᠥᠬᠦ ᠲᠤᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠢᠨ᠎ᠡ ᠬᠤᠲᠠ ᠲᠣᠭᠤᠷᠢᠭ ᠤᠨ 2020 ᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠳ᠋ᠦᠩᠨᠡᠵᠦ᠂ 2021 ᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠠᠷᠪᠠᠨ ᠲᠠᠪᠤᠳᠤᠭᠠᠷ ᠳᠤᠭᠤᠶᠢᠯᠠᠩ ᠤᠨ ᠬᠤᠯᠪᠣᠭᠳᠠᠯ ᠪᠥᠬᠦᠶ ᠨᠥᠬᠦᠳ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠬᠢᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠠᠵᠢᠯ ᠶᠠᠪᠤᠳᠠᠯ ᠡᠷᠬᠢᠯᠡᠬᠦ ᠤᠯᠠᠨ ᠲᠦᠮᠡᠨ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠲᠡᠷᠢᠭᠦᠨ ᠤ ᠬᠢ ᠲᠠᠢ ᠬᠠᠷᠢᠴᠠᠭᠤᠯᠤᠨ ᠵᠦᠷᠢᠶ᠎ᠡ ᠪᠠᠨ ᠡᠷᠢᠵᠦ᠂ ᠦᠢᠯᠡᠴᠢᠯᠡᠭᠡ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠢ ᠪᠣᠭᠤᠨᠢᠰᠬᠠᠵᠤ ᠂ ︽ᠬᠥᠮᠥᠨ ᠪᠦᠬᠦᠨ ᠴᠦᠮ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠬᠥᠮᠥᠨ ᠪᠦᠬᠦᠨ ᠴᠦᠮ ᠲᠥᠪ ᠬᠤᠲᠠ ᠶᠢᠨ ᠳᠦᠷᠰᠦ ᠪᠠᠶᠢᠳᠠᠯ ᠲᠠᠢ ᠬᠤᠯᠪᠣᠭ᠎ᠠ ᠲᠠᠢ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠤᠯᠤᠰ ᠲᠦᠷᠦ ᠶᠢᠨ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠳᠤ ᠦᠢᠯᠡᠴᠢᠯᠡᠬᠦ ᠶᠢ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠵᠣᠷᠢᠯᠲᠠ ᠲᠡᠭᠦᠰᠬᠡᠯ ᠪᠣᠯᠭᠠᠵᠤ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠬᠤ ᠪᠠ ᠠᠷᠠᠳ ᠤᠯᠠᠨ ᠢ ᠬᠠᠨᠤᠮᠵᠢᠲᠠᠢ ᠪᠠᠶᠢᠯᠭᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠡᠶᠡᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ  ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠣᠶᠢᠯᠠᠭᠠᠭᠰᠠᠨ ᠢᠶᠠᠷ᠂ 2020 ᠤᠨ ᠤ ᠰᠢᠨ᠎ᠡ ᠬᠤᠲᠠ ᠲᠣᠭᠤᠷᠢᠭ ᠤᠨ ᠡᠮ ᠡᠮᠨᠡᠯᠭᠡ ᠶᠢᠨ  ᠪᠠᠲᠤᠯᠠᠭ᠎ᠠ ᠶᠢᠨ ᠠᠵᠢᠯ ᠨᠢ ᠡᠯ᠎ᠡ ᠵᠣᠶᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠲᠠᠪᠤᠷᠢᠵᠢᠭᠤᠯᠪᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ︽ᠦᠨᠳᠦᠰᠦᠨ ᠡᠮ ᠡᠮᠨᠡᠯᠭᠡ ᠶᠢᠨ ᠲᠦᠭᠡᠮᠡᠯ ᠬᠠᠷᠠᠭᠠᠯᠵᠠᠯ᠂ ᠬᠦᠨᠳᠦ ᠡᠪᠡᠳᠴᠢᠨ ᠳᠤ ᠬᠡᠯᠪᠡᠶᠢᠬᠦ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠦᠨᠳᠦᠰᠦᠨ ᠵᠣᠶᠢᠯ ᠢ ᠪᠠᠲᠤᠯᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠺᠠᠷᠲᠯᠠᠵᠤ ᠳᠠᠩᠰᠠᠯᠠᠭᠤᠯᠤᠭᠰᠠᠨ ᠶᠠᠳᠠᠭᠤ ᠬᠦᠴᠢᠷᠳᠡᠯᠲᠡᠢ ᠬᠦᠮᠦᠰ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 100% ᠶᠢ ᠪᠡᠶᠡᠯᠡᠭᠦᠯᠵᠦ᠂ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ 100% ᠪᠠᠷ ᠨᠠᠶᠢᠳᠠᠪᠤᠷᠢᠵᠢᠭᠤᠯᠪᠠ᠃  ᠳᠠᠭᠠᠳᠬᠠᠯ ᠤᠨ ᠮᠥᠩᠭᠦ ᠶᠢ ᠬᠢᠬᠠᠨ ᠮᠡᠬᠡᠯᠡᠬᠦ ᠳᠤ ᠴᠣᠬᠢᠯᠲᠠ ᠥᠭᠴᠦ ᠰᠠᠭᠤᠷᠢ ᠮᠥᠩᠭᠦᠨ ᠤ ᠠᠶᠤᠯᠬᠦᠢ ᠶᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠳᠤᠮᠳᠠ᠂ ᠨᠢᠭᠡ ᠪᠦᠯᠦᠭ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠮᠴᠢᠯᠡᠭᠡᠨ ᠤ ᠣᠷᠴᠢᠨ ᠨᠥᠬᠦᠴᠡᠯ ᠢ ᠴᠡᠪᠡᠷᠰᠢᠭᠦᠯᠪᠡ᠃ ᠲᠤᠭᠤᠷᠢᠭ ᠤᠨ ᠬᠠᠷᠢᠶ᠎ᠠ ᠵᠢᠷᠭᠤᠭᠠᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ 602 ᠵᠤᠶᠢᠯ ᠤᠨ ᠰᠦᠯᠵᠢᠶ᠎ᠡ ᠳᠡᠭᠡᠷ᠎ᠡ ᠠᠴᠠ ᠬᠤᠳᠠᠯᠳᠤᠨ ᠠᠪᠤᠭᠰᠠᠨ ᠡᠮ ᠤᠨ ᠵᠤᠶᠢᠯ ᠤᠨ ᠦᠨ᠎ᠡ ᠬᠠᠩᠰᠢ ᠶᠢ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠲᠠᠢ ᠤᠶᠠᠯᠳᠤᠭᠤᠯᠤᠨ᠂ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠪᠡ᠃ ︽ᠨᠢᠭᠡ ᠦᠷᠲᠡᠭᠡ ᠮᠠᠶ᠋ᠢᠭ︾ ᠤᠨ ᠲᠣᠭᠲᠠᠮᠠᠯ ᠡᠮ ᠡᠮᠨᠡᠯᠭᠡ ᠶᠢᠨ ᠪᠠᠶᠢᠭᠤᠯᠤᠮᠵᠢ ᠶᠢ ᠪᠦᠬᠦᠨ ᠢ ᠬᠠᠮᠤᠷᠴᠤ᠂ ᠦᠨᠳᠦᠰᠦᠨ ᠡᠮᠴᠢᠯᠡᠭᠡ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ︽ᠭᠤᠷᠪᠠᠨ ᠳᠠᠪᠬᠤᠷ ᠪᠠᠲᠤᠯᠠᠭ᠎ᠠ︾ ᠶᠢᠨ ᠲᠥᠷᠥ ᠶᠢᠨ ᠪᠣᠳᠣᠯᠭ᠎ᠠ ᠶᠢ ᠵᠡᠷᠭᠡ ᠪᠠᠷ ᠬᠡᠷᠡᠭᠵᠢᠭᠦᠯᠬᠦ ᠶᠢ ᠪᠡᠶᠡᠯᠡᠭᠦᠯᠵᠦ᠂ ᠬᠦᠴᠢᠷᠳᠡᠯᠲᠡᠶ ᠬᠥᠮᠦᠰ ᠤᠨ ᠡᠪᠡᠳᠴᠢᠨ ᠦᠵᠡᠭᠦᠯᠬᠦ ᠳᠤ ︽ᠨᠢᠭᠡ ᠦᠷᠲᠡᠭᠡ ᠮᠠᠶ᠋ᠢᠭ︾ ᠤᠨ ᠴᠣᠩᠬᠤ ᠪᠠᠷ ᠳ᠋ᠦᠩᠨᠡᠨ ᠪᠤᠳᠤᠬᠤ ᠶᠢ ᠪᠡᠶᠡᠯᠡᠭᠦᠯᠪᠡ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠬᠢᠨᠠᠨ ᠵᠦᠪᠰᠢᠶᠡᠷᠡᠯᠲᠡ ᠶᠢ ᠵᠡᠭᠡᠯᠢ ᠭᠤᠳᠤᠮᠵᠢ ᠳᠤ ᠪᠠᠭᠤᠯᠭᠠᠵᠤ᠂ ᠴᠤᠪᠤᠷᠠᠯ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠲᠠᠰ ᠳᠠᠷᠠᠭᠠᠯᠠᠯ ᠢ ᠳᠥᠭᠦᠮᠴᠢᠯᠡᠨ᠂ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠢ ᠪᠣᠭᠤᠨᠢᠰᠬᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠦᠨ᠎ᠡ᠃ ︽ᠢᠨᠲ᠋ᠧᠷ ᠰᠦᠯᠵᠢᠶ᠎ᠡ + ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ︾ ᠶᠢ ᠬᠡᠷᠡᠭᠵᠢᠭᠦᠯᠵᠦ᠂ ᠬᠡᠰᠡᠭ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠠᠵᠢᠯᠯᠠᠭᠤᠯᠬᠤ ᠶᠢ ᠪᠡᠶᠡᠯᠡᠭᠦᠯᠪᠡ᠃      ᠲᠣᠭᠤᠷᠢᠭ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠸᠠᠩ ᠶᠠ ᠨᠠ᠂ ᠪᠤᠷᠤᠬᠤᠰᠢᠭᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠤᠨ ᠬᠠᠷᠢᠭᠤᠴᠠᠯᠭᠠᠲᠠᠨ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ᠂ ᠡᠮ ᠤᠨ ᠵᠣᠶᠢᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠲᠥᠯᠥᠭᠡᠯᠡᠭᠴᠢ᠂ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠪᠥᠬᠦ ᠠᠵᠢᠯᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号