ᠾᠧ ᠬᠠᠢ ᠳ᠋ᠦᠩ ᠴᠢᠩ ᠱᠦᠢ ᠾᠧ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠨᠢᠭᠡᠳᠦᠯᠲᠡᠢ ᠲᠥᠯᠥᠪᠵᠢᠭᠦᠯᠦᠨ ᠤᠷᠭᠠᠨᠢᠭ ᠢᠶᠠᠷ ᠤᠶᠠᠯᠳᠤᠭᠤᠯᠵᠤ ᠨᠢᠭᠡᠳᠦᠯᠲᠡᠢ ᠲᠦᠯᠬᠢᠨ ᠠᠬᠢᠭᠤᠯᠵᠤ ᠡᠯ᠎ᠡ ᠵᠦᠢᠯ ᠤᠨ ᠠᠵᠢᠯ  ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠳᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/3/29
      3 ᠳ᠋ᠤᠭᠠᠷ ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠴᠢᠩ ᠱᠦᠢ ᠾᠧ ᠰᠢᠶᠠᠨ ᠳᠤ ᠭᠦᠨᠵᠡᠭᠡᠶᠢᠷᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠨᠢ ᠪᠠᠶᠢᠴᠠᠭᠠᠨ ᠰᠤᠳᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯᠲᠡ ᠲᠠᠨᠢᠯᠲᠠ ᠪᠠᠨ ᠨᠢᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢ ᠪᠣᠳᠠᠲᠤ ᠠᠵᠢᠯ ᠲᠠᠢ ᠪᠠᠨ ᠤᠷᠭᠠᠨᠢᠭ ᠢᠶᠠᠷ ᠤᠶᠠᠯᠳᠤᠭᠤᠯᠵᠤ᠂ ᠡᠯ᠎ᠡ ᠵᠦᠢᠯ ᠤᠨ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠳᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠢᠯᠢ ᠶᠢᠨ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠥᠪ ᠤᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠭᠤᠣᠯ ᠲᠠᠯᠠᠪᠠᠢ ᠪᠣᠯᠣᠨ ᠤᠯᠤᠰ ᠤᠨ ᠬᠥᠪᠥᠷᠡᠯ ᠪᠣᠶᠢᠵᠢᠭᠤᠯᠬᠤ ᠢᠨᠵᠧᠨᠧᠷᠢᠩ ᠤᠨ ᠲᠥᠪ ᠤᠨ ᠲᠥᠷᠥᠯ ᠵᠦᠢᠯ ᠵᠢᠴᠢ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠮᠠᠨ ᠤ ᠬᠤᠲᠠ ᠶᠢᠨ ︽ᠮᠢᠩᠭᠠᠨ ᠳ᠋ᠦᠩᠰᠢᠭᠤᠷ ᠲᠡᠰ ᠤᠨ ᠰᠦ ᠶᠢᠨ ᠦᠢᠯᠡᠰ ᠤᠨ ᠪᠥᠭᠡᠮᠨᠡᠷᠡᠯ︾ ᠢ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠪᠣᠯᠣᠨ᠎ᠠ᠂ ᠲᠥᠷᠥᠯ ᠵᠦᠢᠯ ᠳᠤ ᠰᠣᠩᠭᠤᠭᠰᠠᠨ ᠭᠠᠵᠠᠷ ᠲᠤ᠂ ᠾᠧ ᠬᠠᠢ ᠳ᠋ᠦᠩ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ᠂ ᠠᠵᠢᠯ ᠡᠬᠢᠯᠡᠭᠦᠯᠬᠦ ᠨᠥᠬᠦᠴᠡᠯ ᠵᠢᠴᠢ ᠲᠥᠷᠥᠯ ᠵᠦᠢᠯ ᠤᠨ ᠢᠵᠢ ᠪᠦᠷᠢᠯᠳᠦᠯ᠂ ᠲᠣᠨᠤᠭ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠢ ᠪᠦᠬᠦ ᠲᠠᠯ᠎ᠠ ᠶᠢᠨ ᠪᠠ ᠪᠠᠶᠢᠯᠳᠤᠬᠤ ᠪᠣᠳᠣᠯᠭ᠎ᠠ ᠶᠢᠨ ᠥᠨᠳᠥᠷ ᠲᠤ ᠵᠣᠭᠰᠣᠵᠤ᠂ ᠴᠠᠭ ᠮᠥᠴᠡ ᠲᠠᠢ ᠤᠷᠤᠯᠳᠤᠨ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠵᠤ᠂ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠢ ᠬᠤᠷᠳᠤᠨ ᠡᠬᠢᠯᠡᠭᠦᠯᠵᠦ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠣᠰᠣᠭᠠᠷ ᠶᠠᠰᠤ ᠴᠢᠨᠠᠷ ᠲᠠᠢ ᠲᠤᠭ᠎ᠠ ᠬᠡᠮᠵᠢᠶ᠎ᠡ ᠶᠣᠰᠣᠭᠠᠷ ᠪᠡᠶᠡᠯᠡᠭᠦᠯᠵᠦ᠂ ᠲᠥᠪ ᠬᠤᠲᠠ ᠶᠢᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃      ᠴᠢᠩ ᠱᠦᠢ ᠾᠧ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ᠂ ᠾᠧ ᠬᠠᠢ ᠳ᠋ᠦᠩ ᠲᠤᠰ ᠰᠢᠭᠦᠬᠦ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠭᠤᠣᠯ ᠴᠢᠬᠤᠯᠠ ᠠᠭᠤᠯᠭ᠎ᠠ ᠰᠠᠨᠠᠭ᠎ᠠ ᠶᠢ ᠭᠦᠨᠵᠡᠭᠡᠢ ᠡᠵᠡᠮᠰᠢᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ᠂ ᠰᠢᠭᠦᠬᠦ ᠬᠤᠷᠢᠶᠠᠨ ᠤ ᠪᠣᠳᠠᠲᠠᠢ ᠠᠵᠢᠯ ᠲᠠᠢ ᠨᠢᠭᠲᠠ ᠤᠶᠠᠯᠳᠤᠭᠤᠯᠤᠨ᠂ ᠡᠭᠦᠳᠡ ᠪᠠᠨ ᠨᠡᠭᠡᠭᠡᠵᠦ ᠬᠥᠮᠥᠵᠢᠯ ᠬᠢᠵᠦ᠂ ᠡᠭᠦᠳᠡ ᠪᠠᠨ ᠨᠡᠭᠡᠭᠡᠵᠦ ᠴᠡᠭᠴᠡᠯᠡᠯᠲᠡ ᠬᠢᠵᠦ᠂ ᠬᠥᠮᠥᠵᠢᠯ ᠴᠡᠭᠴᠡᠯᠡᠯᠲᠡ ᠶᠢ  ᠭᠠᠳᠠᠭᠰᠢ ᠬᠢᠵᠦ᠂ ᠠᠬᠤᠢ ᠲᠠᠯᠠᠪᠠᠢ ᠳᠤ ᠬᠦᠷᠴᠦ᠂ ᠣᠯᠠᠨ ᠲᠦᠮᠡᠨ ᠤ ᠳᠤᠮᠳᠠ ᠣᠷᠣᠵᠤ᠂ ᠬᠡᠷᠡᠭ ᠢ ᠰᠢᠭᠦᠬᠦ ᠳᠤ ᠣᠷᠣᠯᠴᠠᠭᠤᠯᠤᠨ᠂ ᠰᠤᠷᠤᠯᠴᠠᠬᠤ ᠳᠤᠮᠳᠠ ᠪᠠᠨ ᠬᠢᠵᠦ᠂ ᠬᠢᠬᠦ ᠳᠤᠮᠳᠠ ᠪᠠᠨ ᠰᠤᠷᠤᠯᠴᠠᠵᠤ᠂ ᠬᠥᠮᠥᠵᠢᠯ ᠴᠡᠭᠴᠡᠯᠡᠯᠲᠡ ᠶᠢᠨ ᠵᠠᠷᠴᠢᠮ ᠤᠨ ᠴᠢᠨᠠᠷ᠂ ᠠᠮᠢᠳᠤᠯᠢᠭ ᠴᠢᠨᠠᠷ᠂ ᠬᠡᠷᠡᠭᠴᠡᠭᠡᠲᠦ ᠴᠢᠨᠠᠷ ᠢ ᠭᠦᠢᠴᠡᠳ ᠬᠠᠷᠠᠭᠤᠯᠤᠨ᠂ ᠬᠥᠮᠥᠵᠢᠯ ᠴᠡᠭᠴᠡᠯᠡᠯᠲᠡ ᠪᠠᠷ ᠳᠠᠮᠵᠢᠭᠤᠯᠤᠨ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠠᠷᠠᠳ ᠤᠨ ᠴᠠᠭᠳᠠᠭ᠎ᠠ ᠶᠢᠨ ᠤᠯᠤᠰ ᠲᠥᠷᠥ ᠶᠢᠨ ᠬᠡᠪ ᠪᠣᠯᠪᠠᠰᠤᠷᠠᠯ᠂ ᠠᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂  ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠠᠷᠠᠳ ᠤᠨ ᠴᠠᠭᠳᠠᠭ᠎ᠠ ᠶᠢ ᠵᠢᠪ ᠵᠢᠩᠬᠢᠨᠢ ︽ᠲᠠᠪᠤᠨ ᠪᠣᠯᠪᠠᠰᠤᠷᠠᠯ︾  ᠲᠠᠢ ᠠᠷᠠᠳ ᠲᠦᠮᠡᠨ ᠤ ᠬᠠᠮᠠᠭᠠᠯᠠᠭᠴᠢ ᠪᠣᠯᠭᠠᠬᠤ ᠬᠡᠷᠡᠭᠲᠡᠢ ᠭᠡᠵᠡᠢ᠃      ᠴᠧᠩ ᠭᠤᠸᠠᠨ ᠵᠧᠨ ᠪᠠᠯᠭᠠᠰᠤ ᠶᠢᠨ ᠨᠠᠨ ᠶᠤᠸᠠᠨ ᠨᠡᠶᠢᠭᠡᠮ ᠲᠣᠭᠤᠷᠢᠭ ᠲᠤ᠂ ᠾᠧ ᠬᠠᠢ ᠳ᠋ᠦᠩ ᠨᠡᠶᠢᠭᠡᠮ ᠲᠣᠭᠤᠷᠢᠭ ᠤᠨ ᠠᠵᠢᠯ ᠤᠨ ᠪᠠᠶᠢᠳᠠᠯ ᠪᠠ ᠨᠠᠮ ᠤᠨ ᠲᠡᠦᠭᠡ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠳᠤ᠂ ᠠᠷᠠᠳ ᠲᠦᠮᠡᠨ ᠳᠤ ᠪᠣᠳᠠᠲᠠᠢ ᠠᠵᠢᠯ ᠬᠢᠬᠦ᠂ ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠬᠦ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠵᠣᠷᠢᠯᠭ᠎ᠠ ᠪᠠ ᠬᠠᠷᠠᠯᠲᠠ ᠪᠣᠯᠭᠠᠬᠤ ᠬᠡᠷᠡᠭᠲᠡᠢ᠃ ᠣᠯᠠᠨ ᠲᠦᠮᠡᠨ ᠤ ᠳᠤᠮᠳᠠ ᠣᠷᠣᠵᠤ᠂ ᠠᠬᠤᠢ ᠲᠠᠯᠠᠪᠠᠢ ᠳᠤ ᠬᠦᠷᠴᠦ᠂ ᠬᠦᠴᠢᠷᠳᠡᠯ ᠠᠰᠠᠭᠤᠳᠠᠯ ᠣᠯᠠᠨ ᠭᠠᠵᠠᠷ ᠬᠦᠷᠴᠦ ᠰᠤᠷᠤᠯᠴᠠᠯᠭ᠎ᠠ ᠬᠥᠮᠥᠵᠢᠯ ᠢ ᠥᠷᠨᠢᠭᠦᠯᠦᠨ᠂ ᠣᠯᠠᠨ ᠲᠦᠮᠡᠨ ᠤ ᠬᠠᠨᠤᠮᠵᠢᠲᠠᠢ ︽ᠪᠢᠲᠡᠭᠦᠦ ᠴᠠᠭᠠᠷᠢᠭ︾ ᠢ ᠪᠣᠢ ᠪᠣᠯᠭᠠᠵᠤ᠂ ᠰᠤᠷᠤᠯᠴᠠᠯᠭ᠎ᠠ ᠬᠥᠮᠥᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠭᠡᠯ ᠢᠶᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠳᠡᠭᠡᠭᠰᠢᠯᠡᠭᠦᠯᠦᠨ᠂ ᠦᠨᠡᠨᠬᠦ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠶᠢ  ᠣᠶᠢᠯᠠᠭᠠᠵᠤ᠂ ᠪᠣᠳᠠᠲᠠᠢ ᠠᠵᠢᠯ ᠬᠢᠵᠦ᠂ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠡᠢ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号