ᠬᠤᠪᠢᠰᠬᠠᠯ ᠤᠨ ᠬᠠᠶᠢᠷ᠎ᠠ ᠰᠡᠳᠬᠢᠯᠭᠡ ᠶᠢ ᠣᠶᠢᠯᠠᠭᠠᠨ ᠮᠡᠳᠡᠷᠡᠵᠦ ᠬᠤᠪᠢᠰᠬᠠᠯ ᠤᠨ ᠪᠠᠭᠠᠴᠤᠳ ᠪᠣᠯᠣᠶ᠎ᠠ
ᠨᠡᠶᠢᠲᠡᠯᠡᠭᠰᠡᠨ ᠴᠠᠭ᠄
2021/3/29
     ᠥᠷᠭᠡᠨ ᠣᠯᠠᠨ ᠨᠠᠰᠤᠨ ᠳᠤ ᠬᠦᠷᠦᠭᠡᠳᠦᠢ ᠬᠡᠦᠬᠡᠳ ᠤᠳ ᠤᠨ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠬᠥᠮᠥᠵᠢᠭᠦᠯᠵᠦ᠂ ᠬᠤᠪᠢᠰᠬᠠᠯ ᠤᠨ ᠭᠧᠨ ᠢ ᠤᠯᠠᠮᠵᠢᠯᠠᠵᠤ᠂ ᠨᠠᠰᠤᠨ ᠳᠤ ᠬᠦᠷᠦᠭᠡᠳᠦᠢ ᠬᠡᠦᠬᠡᠳ ᠤᠳ ᠢ ᠬᠠᠪᠰᠤᠷᠤᠨ ᠠᠮᠢᠳᠤᠷᠠᠯ ᠤᠨ ᠠᠩᠬᠠᠨ ᠤ ᠭᠠᠷᠤᠭ᠎ᠠ ᠶᠢ ᠰᠠᠶᠢᠬᠠᠨ ᠡᠬᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠢᠦᠢ ᠴᠢᠦᠸᠠᠨ ᠲᠣᠭᠤᠷᠢᠭ ᠤᠨ ᠨᠠᠨ ᠴᠠ ᠹᠠᠩ ᠪᠠᠭ᠎ᠠ ᠰᠤᠷᠭᠠᠭᠤᠯᠢ ᠶᠢᠨ ᠬᠤᠪᠢᠰᠬᠠᠯ ᠤᠨ ᠰᠤᠳᠤᠯᠤᠨ ᠰᠤᠷᠤᠯᠴᠠᠬᠤ ᠠᠶᠠᠨ ᠭᠤᠣᠯ ᠰᠡᠳᠦᠪᠲᠦ ᠬᠥᠮᠥᠵᠢᠯ ᠤᠨ ᠤᠯᠠᠷᠢᠯ ᠢ ᠡᠬᠢᠯᠡᠭᠦᠯᠵᠦ᠂ ᠰᠤᠷᠤᠭᠴᠢᠳ ᠪᠠᠭᠰᠢ ᠶᠢᠨ ᠢᠶᠠᠨ ᠳᠠᠭᠠᠭᠤᠯᠭ᠎ᠠ ᠳᠣᠣᠷ᠎ᠠ ᠥᠪᠥᠷ ᠮᠣᠩᠭᠤᠯ ᠤᠨ ᠮᠦᠽᠧᠢ ᠶᠢᠨ ︽ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠦᠵᠡᠭᠦᠯᠭᠡ︾ ᠶᠢᠨ ᠲᠢᠩᠬᠢᠮ ᠳᠤ ᠣᠷᠣᠵᠤ᠂ ︽ᠬᠤᠪᠢᠰᠬᠠᠯ ᠤᠨ ᠰᠣᠶᠣᠯ︾ ᠤᠨ ᠬᠥᠮᠥᠵᠢᠯ ᠢ ᠬᠦᠷᠲᠡᠵᠦ᠂ ᠬᠠᠷᠠᠬᠠᠨ ᠪᠠᠭ᠎ᠠ ᠠᠴᠠ ᠪᠠᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠬᠢᠷᠢ ᠲᠡᠩᠴᠡᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠣᠨ ᠥᠰᠦᠨ ᠪᠣᠶᠢᠵᠢᠬᠤ ᠪᠠᠷ ᠰᠢᠢᠳᠴᠡᠬᠡᠪᠡ᠃ ᠰᠤᠷᠪᠤᠯᠵᠢᠯᠠᠭᠴᠢ ᠳ᠋ᠢᠩ ᠭᠧᠨ ᠾᠧᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号