ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠣᠶᠢᠷ᠎ᠠ ᠳᠤ᠂ | ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠪᠦᠯᠦᠭᠯᠡᠯ | ᠪᠠᠶᠢᠭᠤᠯᠤᠭᠳᠠᠪᠠ᠃ | ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠣᠷᠣᠨ | ᠪᠦᠰᠡ ᠶᠢᠨ ᠰᠤᠷᠭᠠᠨ ᠬᠥᠮᠥᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠡᠶᠡᠯᠡᠭᠦᠯᠬᠦ ᠪᠣᠯ ᠮᠠᠨ ᠤ | ᠲᠡᠮᠡᠴᠡᠬᠦ ᠬᠠᠷᠠᠯᠲᠠ ᠮᠥᠨ᠃ ᠣᠶᠢᠷ᠎ᠠ ᠶᠢᠨ ᠵᠢᠯ ᠳᠤ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠᠷ᠂ ᠬᠦᠬᠡᠬᠤᠳᠠ ᠶᠢᠨ ᠰᠠᠶᠢᠬᠠᠨ ᠲᠣᠭᠤᠷᠢᠭ ᠤᠨ ᠰᠤᠷᠭᠠᠨ | ᠬᠥᠮᠥᠵᠢᠯ ᠤᠨ ᠲᠣᠪᠴᠢᠶ᠎ᠠ ᠵᠣᠷᠢᠭᠲᠠᠶ ᠪᠠᠷ ᠬᠠᠶᠢᠨ ᠰᠦᠪᠡᠭᠴᠢᠯᠡᠯᠳᠡ ᠬᠢᠵᠦ᠂ ᠬᠡᠳᠦᠨ ᠵᠢᠯ ᠤᠨ ᠲᠤᠷᠰᠢ ᠨᠠᠷᠠᠲᠤ | ᠰᠤᠷᠭᠠᠭᠤᠯᠢ ᠨᠢ ᠬᠤᠪᠢᠶᠠᠷᠢ ᠰᠤᠷᠭᠠᠭᠤᠯᠢ ᠡᠷᠭᠢᠯᠡᠬᠦ᠂ ᠨᠠᠷᠠᠲᠤ ᠴᠡᠴᠡᠷᠯᠢᠭ ᠨᠢ ᠬᠤᠪᠢᠶᠠᠷᠢ ᠴᠡᠴᠡᠷᠯᠢᠭ ᠡᠷᠭᠢᠯᠡᠬᠦ᠂ | ᠣᠷᠣᠨ ᠤ ᠭᠠᠳᠠᠨᠠᠬᠢ ᠨᠠᠷᠠᠲᠤ ᠰᠤᠷᠭᠠᠭᠤᠯᠢ ᠲᠠᠢ ᠬᠤᠯᠪᠣᠭ᠎ᠠ ᠪᠠᠶᠢᠭᠤᠯᠬᠤ ᠵᠡᠷᠭᠡ ᠵᠠᠭᠪᠤᠷ ᠢᠶᠠᠷ ᠪᠦᠯᠦᠭᠯᠡᠯᠵᠢᠭᠰᠡᠨ | ᠰᠤᠷᠭᠠᠭᠤᠯᠢ ᠡᠷᠭᠢᠯᠡᠬᠦ ᠵᠠᠭᠪᠤᠷ ᠢ ᠦᠢᠯᠡᠳᠦᠯᠭᠡᠵᠢᠭᠦᠯᠦᠭᠰᠡᠭᠡᠷ ᠢᠷᠡᠭᠰᠡᠨ ᠪᠥᠭᠡᠳ ᠨᠡᠯᠢᠶᠡᠳ ᠬᠠᠨᠤᠮᠵᠢᠲᠠᠶ ᠦᠷ᠎ᠡ | ᠪᠦᠲᠦᠮᠵᠢ ᠣᠯᠵᠠᠶ᠃ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ᠃ ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠥᠵᠢᠯ ᠤᠨ ᠪᠦᠯᠦᠭᠯᠡᠯ ᠪᠠᠶᠢᠭᠤᠯᠤᠭᠳᠠᠭᠰᠠᠨ ᠨᠢ ᠳᠠᠷᠤᠢ ᠭᠤᠴᠢ ᠶᠢᠰᠦᠳᠦᠭᠡᠷ | ᠳᠤᠮᠳᠠᠳᠤ ᠰᠤᠷᠭᠠᠭᠤᠯᠢ ᠪᠠᠷ ᠲᠣᠯᠣᠭᠠᠶᠢᠯᠠᠭᠤᠯᠵᠤ᠂ ᠬᠥᠳᠡᠭᠡ ᠲᠣᠰᠬᠤᠨ ᠤ ᠬᠤᠶᠠᠷ ᠰᠤᠷᠭᠠᠭᠤᠯᠢ ᠶᠢ ᠳᠠᠶᠢᠴᠢᠯᠠᠨ | ᠯᠠᠪᠳᠠᠭᠤᠨ ᠢᠶᠠᠷ ᠤᠷᠤᠭᠰᠢᠯᠠᠭᠤᠯᠵᠤ᠂ ᠭᠤᠷᠪᠠᠨ ᠰᠤᠷᠭᠠᠭᠤᠯᠢ ᠬᠠᠮᠳᠤᠷᠠᠨ ᠰᠤᠷᠭᠠᠨ ᠬᠥᠮᠦᠵᠢᠯ ᠵᠢᠭᠠᠨ ᠰᠤᠷᠭᠠᠯᠲᠠ᠂ | ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠰᠤᠷᠤᠭᠴᠢᠳ ᠤᠨ ᠠᠵᠢᠯᠯᠠᠭ᠎ᠠ ᠵᠡᠷᠭᠡ ᠲᠠᠯ᠎ᠠ ᠪᠠᠷ ᠭᠦᠨᠵᠡᠭᠡᠢ | ᠬᠠᠮᠲᠤᠷᠠᠯᠴᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠳᠡᠭᠡᠭᠰᠢᠯᠡᠬᠦ ᠶᠢ | ᠪᠡᠶᠡᠯᠡᠭᠦᠯᠬᠦ ᠶᠠᠪᠤᠳᠠᠯ ᠪᠣᠯᠣᠨ᠎ᠠ ᠭᠡᠵᠦ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠭᠠᠨ ᠬᠥᠮᠥᠵᠢᠯ ᠤᠨ | ᠲᠣᠪᠴᠢᠶᠠᠨ ᠤ ᠠᠵᠢᠯᠳᠠᠨ ᠵᠠᠩ ᠰᠢᠨ ᠬᠤᠢ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠶᠠᠷᠢᠯ᠎ᠠ᠃ | ᠰᠠᠶᠢᠬᠠᠨ ᠲᠣᠭᠤᠷᠢᠭ ᠤᠨ ᠨᠡᠷᠡᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ 15 ᠪᠤᠯᠵᠤ᠂ ᠨᠡᠷᠡᠳᠤ | ᠴᠡᠴᠡᠷᠯᠢᠭ ᠤᠨ ᠬᠤᠪᠢᠶᠠᠷᠢ ᠴᠡᠴᠡᠷᠯᠢᠭ 16 ᠪᠤᠯᠵᠤ᠂ ᠤᠷᠤᠨ ᠤ ᠭᠠᠳᠠᠨᠠᠬᠢ ᠨᠡᠷᠡᠳᠤ ᠰᠤᠷᠭᠠᠭᠤᠯᠢ ᠲᠠᠢ | ᠬᠠᠮᠳᠤᠷᠠᠯᠴᠠᠨ ᠡᠷᠬᠢᠯᠡᠵᠦ ᠪᠠᠶᠢᠭ᠎ᠠ ᠰᠤᠷᠭᠠᠭᠤᠯᠢ 1 ᠪᠠᠶᠢᠨ᠎ᠠ᠃ ᠳᠠᠷᠠᠭᠠᠴᠢ ᠪᠠᠷ᠂ ᠰᠠᠶᠢᠬᠠᠨ ᠲᠣᠭᠤᠷᠢᠭ ᠤᠨ | ᠰᠤᠷᠭᠠᠨ ᠬᠥᠮᠥᠵᠢᠯ ᠤᠨ ᠲᠣᠪᠴᠢᠶ᠎ᠠ ᠰᠢᠯᠢᠳᠡᠭ ᠡᠬᠢ ᠪᠠᠶᠠᠯᠢᠭ ᠢᠶᠠᠨ ᠬᠠᠮᠳᠤ ᠪᠠᠷ ᠡᠳ᠋ᠯᠡᠬᠦ ᠪᠠᠷ ᠭᠤᠣᠯᠳᠠᠯᠭ᠎ᠠ | ᠪᠤᠯᠭᠠᠵᠤ᠂ ᠪᠦᠯᠦᠭᠯᠡᠯ ᠪᠠᠶᠢᠭᠤᠯᠤᠭᠰᠠᠨ ᠰᠤᠷᠭᠠᠭᠤᠯᠢ ᠶᠢᠨ ᠪᠠᠭᠰᠢ ᠨᠠᠷ ᠢ ᠬᠠᠷᠢᠯᠴᠠᠨ ᠳᠤᠮᠢᠯᠠᠬᠤ᠂ ᠡᠬᠢ ᠪᠠᠶᠠᠯᠢᠭ ᠢ | ᠬᠠᠮᠳᠤ ᠪᠠᠷ ᠡᠳ᠋ᠯᠡᠬᠦ᠂ ᠰᠣᠶᠣᠯ ᠤᠨ ᠲᠠᠯ᠎ᠠ ᠪᠠᠷ ᠬᠠᠷᠢᠯᠴᠠᠨ ᠠᠭᠤᠰᠤᠯᠴᠠᠬᠤ ᠵᠡᠷᠬᠡ ᠲᠠᠯ᠎ᠠ ᠶᠢᠨ ᠠᠵᠢᠯ ᠢ ᠰᠠᠶᠢᠳᠤᠷ | ᠬᠢᠵᠦ᠂ ᠶᠡᠷᠦᠩᠬᠡᠢ ᠰᠤᠷᠭᠠᠭᠤᠯᠢ ᠶᠢᠨ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠳᠠᠪᠠᠭᠤᠯᠢᠭ ᠢ ᠦᠨᠡᠨ ᠬᠦ | ᠪᠠᠳᠠᠷᠠᠭᠤᠯᠵᠤ᠂ ᠰᠢᠯᠢᠳᠡᠭ ᠡᠬᠢ ᠪᠠᠶᠠᠯᠢᠭ ᠢ ᠬᠠᠮᠳᠤ ᠪᠠᠷ ᠪᠠᠶᠢᠭᠤᠯᠵᠤ | ᠬᠠᠮᠳᠤ ᠪᠠᠷ ᠡᠳ᠋ᠯᠡᠨ ᠠᠬᠢᠭᠤᠯᠵᠤ᠂ ᠬᠤᠳᠠ ᠬᠦᠳᠡᠭᠡ᠂ ᠰᠤᠷᠭᠠᠭᠤᠯᠢ ᠶᠢᠨ ᠬᠤᠭᠤᠷᠤᠨᠳᠤᠬᠢ ᠵᠥᠷᠢᠶ᠎ᠡ ᠶᠢ | ᠳᠠᠰᠤᠷᠠᠯᠳᠠ ᠦᠬᠡᠢ ᠪᠠᠭᠠᠰᠬᠠᠵᠤ᠂ ᠰᠠᠶᠢᠬᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠳᠡᠩᠴᠡᠬᠦᠷᠢᠳᠡᠢ ᠬᠥᠭᠵᠢᠯᠲᠡ ᠶᠢᠨ ᠲᠦᠪᠰᠢᠨ ᠢ ᠪᠦᠬᠦᠯᠢ ᠴᠣᠭᠴᠠ ᠪᠠᠷ ᠨᠢ ᠳᠡᠬᠡᠭᠰᠢᠯᠡᠬᠦᠯᠬᠦ ᠪᠣᠯᠣᠨ᠎ᠠ᠃ |