ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠣᠶᠢᠷ᠎ᠠ ᠳᠤ᠂ ᠬᠥᠬᠡᠬᠤᠲᠠ ᠶᠢᠨ ᠭᠤᠴᠢ ᠶᠢᠰᠦᠳᠦᠭᠡᠷ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠪᠦᠯᠦᠭᠯᠡᠯ ᠪᠠᠶᠢᠭᠤᠯᠤᠭᠳᠠᠪᠠ᠃ | ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠰᠤᠷᠭᠠᠨ ᠬᠥᠮᠥᠵᠢᠯ ᠤᠨ | ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠡᠶᠡᠯᠡᠭᠦᠯᠬᠦ ᠪᠣᠯ ᠮᠠᠨ ᠤ ᠲᠡᠮᠡᠴᠡᠬᠦ ᠬᠠᠷᠠᠯᠲᠠ ᠮᠥᠨ᠃ ᠣᠶᠢᠷ᠎ᠠ ᠶᠢᠨ ᠵᠢᠯ ᠳᠤ᠂ ᠦᠪᠡᠷᠳᠡᠬᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠᠷ᠂ ᠬᠦᠬᠡᠬᠤᠳᠠ ᠶᠢᠨ ᠰᠠᠶᠢᠬᠠᠨ ᠲᠣᠭᠤᠷᠢᠭ ᠤᠨ ᠰᠤᠷᠭᠠᠨ ᠬᠥᠮᠥᠵᠢᠯ ᠤᠨ | ᠲᠣᠪᠴᠢᠶ᠎ᠠ ᠵᠣᠷᠢᠭᠲᠠᠶ ᠪᠠᠷ ᠬᠠᠶᠢᠨ ᠰᠦᠪᠡᠭᠴᠢᠯᠡᠯᠳᠡ ᠬᠢᠵᠦ᠂ ᠬᠡᠳᠦᠨ ᠵᠢᠯ ᠤᠨ ᠲᠤᠷᠰᠢ ᠨᠠᠷᠠᠲᠤ ᠰᠤᠷᠭᠠᠭᠤᠯᠢ ᠨᠢ ᠬᠤᠪᠢᠶᠠᠷᠢ ᠰᠤᠷᠭᠠᠭᠤᠯᠢ ᠡᠷᠭᠢᠯᠡᠬᠦ᠂ | ᠨᠠᠷᠠᠲᠤ ᠴᠡᠴᠡᠷᠯᠢᠭ ᠨᠢ ᠬᠤᠪᠢᠶᠠᠷᠢ ᠴᠡᠴᠡᠷᠯᠢᠭ ᠡᠷᠭᠢᠯᠡᠬᠦ᠂ ᠣᠷᠣᠨ ᠤ ᠭᠠᠳᠠᠨᠠᠬᠢ ᠨᠠᠷᠠᠲᠤ ᠰᠤᠷᠭᠠᠭᠤᠯᠢ ᠲᠠᠢ ᠬᠤᠯᠪᠣᠭ᠎ᠠ ᠪᠠᠶᠢᠭᠤᠯᠬᠤ ᠵᠡᠷᠭᠡ ᠵᠠᠭᠪᠤᠷ ᠢᠶᠠᠷ | ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠵᠠᠭᠪᠤᠷ ᠢ ᠦᠢᠯᠡᠳᠦᠯᠭᠡᠵᠢᠭᠦᠯᠦᠭᠰᠡᠭᠡᠷ ᠢᠷᠡᠭᠰᠡᠨ ᠪᠥᠭᠡᠳ ᠨᠡᠯᠢᠶᠡᠳ ᠬᠠᠨᠤᠮᠵᠢᠲᠠᠶ ᠦᠷ᠎ᠡ ᠪᠦᠲᠦᠮᠵᠢ ᠣᠯᠵᠠᠶ᠃ | ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ᠃ | ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠪᠦᠯᠦᠭᠯᠡᠯ ᠪᠠᠶᠢᠭᠤᠯᠤᠭᠳᠠᠭᠰᠠᠨ ᠨᠢ ᠳᠠᠷᠤᠢ ᠭᠤᠴᠢ | ᠶᠢᠰᠦᠳᠦᠭᠡᠷ ᠳᠤᠮᠳᠠᠳᠤ ᠰᠤᠷᠭᠠᠭᠤᠯᠢ ᠪᠠᠷ ᠲᠣᠯᠣᠭᠠᠶᠢᠯᠠᠭᠤᠯᠵᠤ᠂ ᠬᠥᠳᠡᠭᠡ ᠲᠣᠰᠬᠤᠨ ᠤ ᠬᠤᠶᠠᠷ ᠰᠤᠷᠭᠠᠭᠤᠯᠢ ᠶᠢ ᠳᠠᠶᠢᠴᠢᠯᠠᠨ ᠯᠠᠪᠳᠠᠭᠤᠨ ᠢᠶᠠᠷ | ᠤᠷᠤᠭᠰᠢᠯᠠᠭᠤᠯᠵᠤ᠂ ᠭᠤᠷᠪᠠᠨ ᠰᠤᠷᠭᠠᠭᠤᠯᠢ ᠬᠠᠮᠳᠤᠷᠠᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ | ᠰᠤᠷᠤᠭᠴᠢᠳ ᠤᠨ ᠠᠵᠢᠯᠯᠠᠭ᠎ᠠ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ | ᠬᠠᠮᠲᠤ ᠪᠠᠷ ᠳᠡᠭᠡᠭᠰᠢᠯᠡᠬᠦ ᠶᠢ ᠪᠡᠶᠡᠯᠡᠭᠦᠯᠬᠦ ᠶᠠᠪᠤᠳᠠᠯ ᠪᠣᠯᠣᠨ᠎ᠠ ᠭᠡᠵᠦ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶᠠᠨ ᠤ | ᠠᠵᠢᠯᠳᠠᠨ ᠵᠠᠩ ᠰᠢᠨ ᠬᠤᠢ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠶᠠᠷᠢᠯ᠎ᠠ᠃ | ᠰᠠᠶᠢᠬᠠᠨ ᠲᠣᠭᠤᠷᠢᠭ ᠤᠨ ᠨᠡᠷᠡᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ 15 ᠪᠤᠯᠵᠤ᠂ ᠨᠡᠷᠡᠳᠤ ᠴᠡᠴᠡᠷᠯᠢᠭ ᠤᠨ ᠬᠤᠪᠢᠶᠠᠷᠢ ᠴᠡᠴᠡᠷᠯᠢᠭ 16 | ᠪᠤᠯᠵᠤ᠂ ᠤᠷᠤᠨ ᠤ ᠭᠠᠳᠠᠨᠠᠬᠢ ᠨᠡᠷᠡᠳᠤ ᠰᠤᠷᠭᠠᠭᠤᠯᠢ ᠲᠠᠢ ᠬᠠᠮᠳᠤᠷᠠᠯᠴᠠᠨ ᠡᠷᠬᠢᠯᠡᠵᠦ ᠪᠠᠶᠢᠭ᠎ᠠ ᠰᠤᠷᠭᠠᠭᠤᠯᠢ 1 ᠪᠠᠶᠢᠨ᠎ᠠ᠃ ᠳᠠᠷᠠᠭᠠᠴᠢ ᠪᠠᠷ᠂ ᠰᠠᠶᠢᠬᠠᠨ | ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠰᠢᠯᠢᠳᠡᠭ ᠡᠬᠢ ᠪᠠᠶᠠᠯᠢᠭ ᠢᠶᠠᠨ ᠬᠠᠮᠳᠤ ᠪᠠᠷ ᠡᠳ᠋ᠯᠡᠬᠦ ᠪᠠᠷ ᠭᠤᠣᠯᠳᠠᠯᠭ᠎ᠠ ᠪᠤᠯᠭᠠᠵᠤ᠂ ᠪᠦᠯᠦᠭᠯᠡᠯ | ᠪᠠᠶᠢᠭᠤᠯᠤᠭᠰᠠᠨ ᠰᠤᠷᠭᠠᠭᠤᠯᠢ ᠶᠢᠨ ᠪᠠᠭᠰᠢ ᠨᠠᠷ ᠢ ᠬᠠᠷᠢᠯᠴᠠᠨ ᠳᠤᠮᠢᠯᠠᠬᠤ᠂ ᠡᠬᠢ ᠪᠠᠶᠠᠯᠢᠭ ᠢ ᠬᠠᠮᠳᠤ ᠪᠠᠷ ᠡᠳ᠋ᠯᠡᠬᠦ᠂ ᠰᠣᠶᠣᠯ ᠤᠨ ᠲᠠᠯ᠎ᠠ ᠪᠠᠷ ᠬᠠᠷᠢᠯᠴᠠᠨ | ᠠᠭᠤᠰᠤᠯᠴᠠᠬᠤ ᠵᠡᠷᠬᠡ ᠲᠠᠯ᠎ᠠ ᠶᠢᠨ ᠠᠵᠢᠯ ᠢ ᠰᠠᠶᠢᠳᠤᠷ ᠬᠢᠵᠦ᠂ ᠶᠡᠷᠦᠩᠬᠡᠢ ᠰᠤᠷᠭᠠᠭᠤᠯᠢ ᠶᠢᠨ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠳᠠᠪᠠᠭᠤᠯᠢᠭ ᠢ | ᠦᠨᠡᠨ ᠬᠦ ᠪᠠᠳᠠᠷᠠᠭᠤᠯᠵᠤ᠂ ᠰᠢᠯᠢᠳᠡᠭ ᠡᠬᠢ ᠪᠠᠶᠠᠯᠢᠭ ᠢ ᠬᠠᠮᠳᠤ ᠪᠠᠷ ᠪᠠᠶᠢᠭᠤᠯᠵᠤ | ᠬᠠᠮᠳᠤ ᠪᠠᠷ ᠡᠳ᠋ᠯᠡᠨ ᠠᠬᠢᠭᠤᠯᠵᠤ᠂ ᠬᠤᠳᠠ ᠬᠦᠳᠡᠭᠡ᠂ ᠰᠤᠷᠭᠠᠭᠤᠯᠢ ᠶᠢᠨ ᠬᠤᠭᠤᠷᠤᠨᠳᠤᠬᠢ ᠵᠥᠷᠢᠶ᠎ᠡ ᠶᠢ ᠳᠠᠰᠤᠷᠠᠯᠳᠠ ᠦᠬᠡᠢ ᠪᠠᠭᠠᠰᠬᠠᠵᠤ᠂ ᠰᠠᠶᠢᠬᠠᠨ | ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠲᠡ ᠶᠢᠨ ᠲᠦᠪᠰᠢᠨ ᠢ ᠪᠦᠬᠦᠯᠢ ᠴᠣᠭᠴᠠ ᠪᠠᠷ ᠨᠢ ᠳᠡᠬᠡᠭᠰᠢᠯᠡᠬᠦᠯᠬᠦ | ᠪᠣᠯᠣᠨ᠎ᠠ᠃ |