ᠰᠢᠨ᠎ᠡ ᠬᠤᠲᠠ ᠲᠣᠭᠤᠷᠢᠭ ᠪᠦᠬᠦ ᠲᠤᠭᠤᠷᠢᠭ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/3
     2 ᠳ᠋ᠤᠭᠠᠷ ᠰᠠᠷ᠎ᠠ ᠶᠢᠨ 26 ᠤ ᠡᠳᠦᠷ᠂ ᠰᠢᠨ᠎ᠡ ᠬᠤᠳᠠ ᠲᠣᠭᠤᠷᠢᠭ ᠪᠦᠬᠦ ᠲᠤᠭᠤᠷᠢᠭ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠧᠢ ᠬᠤᠩ ᠵᠢᠶᠦ᠋ᠨ ᠬᠤᠷᠠᠯ  ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ  ᠤᠨ ᠳᠠᠷᠤᠭ᠎ᠠ ᠹᠠᠨ ᡁᠢ ᠵᠥᠩ ᠬᠤᠷᠠᠯ ᠢ ᠡᠷᠭᠢᠯᠡᠪᠡ᠃
     ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦ ᠰᠢᠨ᠎ᠡ ᠬᠤᠲᠠ ᠲᠣᠭᠤᠷᠢᠭ ᠤᠨ ᠳᠡᠭᠡᠷ᠎ᠡ ᠳᠣᠤᠷ᠎ᠠ ᠱᠠᠲᠤᠨ ᠤ ᠣᠶᠣᠨ ᠤᠬᠠᠭᠠᠨ ᠬᠦᠴᠦᠨ ᠴᠢᠳᠠᠯ ᠢᠶᠠᠨ ᠬᠤᠷᠠᠯ ᠠᠴᠠ ᠵᠥᠪᠯᠡᠨ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠡᠭᠦᠷᠭᠡ ᠳᠡᠭᠡᠷ᠎ᠡ ᠲᠥᠪᠯᠡᠷᠡᠭᠦᠯᠵᠦ᠂ ᠡᠯ᠎ᠡ ᠲᠠᠯ᠎ᠠ ᠶᠢᠨ ᠬᠦᠴᠦᠨ ᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠡᠭᠡᠷ᠎ᠡ ᠨᠢᠭᠲᠠᠷᠠᠭᠤᠯᠬᠤ ᠬᠡᠷᠡᠭᠲᠡᠶ ᠃ ᠣᠨᠣᠪᠴᠢᠲᠠᠢ ᠪᠠᠶᠢᠷᠢ ᠲᠣᠭᠲᠠᠭᠠᠯᠲᠠ ᠬᠢᠵᠦ᠂ ᠭᠤᠣᠯᠳᠠᠯᠭ᠎ᠠ ᠪᠠᠨ ᠲᠤᠪᠤᠶᠢᠯᠭᠠᠨ᠂ ᠰᠢᠮᠳᠠᠭᠤᠯᠤᠨ ᠪᠠᠶᠢᠴᠠᠭᠠᠬᠤ  ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠢᠨᠠᠮᠠᠭᠠᠶ ᠰᠤᠳᠤᠯᠤᠨ ᠪᠠᠶᠢᠷᠢᠯᠠᠭᠤᠯᠵᠤ᠂ ᠠᠵᠢᠯ ᠢᠶᠠᠨ ᠥᠷᠨᠢᠭᠦᠯᠬᠦ ᠪᠦᠲᠦᠮᠵᠢᠲᠡᠶ ᠠᠷᠭ᠎ᠠ ᠵᠠᠮ ᠪᠠ ᠠᠴᠢᠶᠠᠯᠠᠪᠤᠷᠢ ᠶᠢ ᠭᠦᠨᠵᠡᠭᠡᠶ ᠰᠤᠳᠤᠯᠤᠨ ᠠᠬᠢᠭᠤᠯᠵᠤ᠂ ᠬᠤᠷᠠᠯ ᠤᠨ ᠵᠣᠷᠢᠭ ᠰᠠᠨᠠᠭ᠎ᠠ ᠪᠠᠷ ᠪᠥᠬᠦ ᠰᠢᠨ᠎ᠡ ᠬᠤᠲᠠ ᠲᠣᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠡᠳᠬᠡᠨ᠂ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠵᠢᠯ ᠤᠨ ᠡᠭᠦᠷᠭᠡ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ  ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠲᠣᠭᠤᠷᠢᠭ ᠤᠨ ᠳᠥᠷᠪᠡᠨ ᠶᠡᠭᠡ ᠪᠠᠭ ᠤᠨ ᠭᠠᠵᠠᠷ ᠤᠨ ᠲᠡᠰ ᠤᠨ ᠤᠳᠤᠷᠢᠳᠤᠯᠭ᠎ᠠ᠂ ᠪᠤᠷᠤᠬᠤᠰᠢᠭᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ᠂ ᠲᠣᠭᠤᠷᠢᠭ ᠤᠨ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠲᠤᠭᠤᠷᠢᠭ ᠤᠨ ᠬᠠᠷᠢᠶ᠎ᠠ  ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号