ᠬᠤᠷᠢᠨᠭᠡᠷ ᠰᠢᠶᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/3
     3 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ  ᠤᠨ ᠬᠠᠮᠲᠤᠷᠠᠭᠰᠠᠨ ᠬᠤᠷᠠᠯ ᠤᠨ ᠳᠥᠷᠪᠡᠳᠦᠭᠡᠷ ᠪᠦᠬᠦᠳᠠ ᠬᠤᠷᠠᠯ ᠪᠣᠯᠤᠨ ᠪᠦᠬᠦ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠮᠠᠨ ᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠨᠠᠮᠳᠠᠭᠠᠭᠰᠠᠨ ᠪᠠ ᠲᠠᠬᠢᠨ ᠳᠠᠪᠲᠠᠨ ᠰᠤᠷᠪᠤᠯᠵᠢᠯᠠᠭ᠎ᠠ ᠬᠢᠭᠰᠡᠨ ᠪᠠᠶᠢᠳᠠᠯ ᠢ ᠮᠡᠳᠡᠭᠳᠡᠵᠦ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂《 ᠠᠷᠠᠳ ᠤᠨ ᠲᠥᠯᠥᠭᠡ ᠰᠠᠨᠠᠭᠠᠰᠢᠷᠠᠵᠤ᠂ ᠨᠠᠮ ᠤᠨ ᠲᠥᠯᠥᠭᠡ ᠰᠠᠨᠠᠭᠠᠰᠢᠷᠠᠬᠤ 》ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ 2021 ᠣᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃《 ᠤᠴᠢᠷ ᠶᠠᠪᠤᠳᠠᠯ ᠢ ᠰᠢᠢᠳᠪᠦᠷᠢᠯᠡᠬᠦ 》 ᠶᠢ ᠳᠣᠪᠣᠶᠢᠯᠭᠠᠵᠤ᠂ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ᠂ ᠳᠠᠪᠬᠤᠷᠳᠠᠭᠤᠯᠤᠨ ᠰᠤᠷᠪᠤᠯᠵᠢᠯᠠᠬᠤ ᠶᠢ ᠵᠠᠰᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠵᠡᠷᠭᠡ ᠭᠤᠣᠯᠳᠠᠯᠭ᠎ᠠ  ᠲᠠᠢ ᠡᠭᠦᠷᠭᠡ ᠶᠢ ᠴᠢᠩᠭ᠎ᠠ ᠠᠳᠬᠤᠬᠤ ᠬᠡᠷᠡᠭᠲᠡᠢ᠃ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠤᠯᠠᠨ ᠲᠦᠮᠡᠨ ᠤ ᠭᠡᠷ ᠲᠤ ᠢᠯᠡᠭᠦᠬᠡᠨ ᠬᠦᠷᠴᠦ᠂ ᠦᠨᠳᠦᠰᠦᠨ ᠱᠠᠲᠤᠨ ᠤ ᠪᠠᠯᠭᠠᠰᠤ ᠲᠣᠰᠬᠤᠨ ᠳᠤ ᠢᠯᠡᠭᠦᠬᠡᠨ ᠬᠦᠷᠴᠦ᠂ ᠬᠡᠷᠡᠭ ᠶᠠᠪᠤᠳᠠᠯ ᠡᠭᠦᠰᠬᠦ ᠡᠮᠦᠨ᠎ᠡ ᠹᠷᠣᠨᠲ ᠳᠤ ᠢᠯᠡᠭᠦᠬᠡᠨ ᠬᠦᠷᠴᠦ᠂ ᠠᠵᠢᠯ ᠢᠶᠠᠨ ᠤᠯᠠᠨ ᠲᠦᠮᠡᠨ ᠤ ᠰᠡᠳᠬᠢᠯ ᠳᠤ ᠣᠷᠣᠲᠠᠯ᠎ᠠ ᠬᠢᠬᠦ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠬᠤᠷᠠᠯ ᠠᠴᠠ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ《 ᠨᠢᠭᠡ ᠬᠥᠯᠭᠡ ᠰᠢᠲᠠᠷ᠎ᠠ 》 ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠠᠵᠤ ᠠᠬᠤᠶ᠂ ᠵᠠᠰᠠᠭ ᠵᠠᠬᠢᠷᠭ᠎ᠠ ᠵᠡᠷᠭᠡ ᠠᠷᠭ᠎ᠠ ᠪᠠᠷᠢᠯ ᠪᠠ ᠰᠤᠷᠭᠠᠨ ᠬᠥᠮᠦᠵᠢᠭᠦᠯᠬᠦ᠂ ᠡᠶᠡᠳᠡᠭᠦᠯᠬᠦ᠂ ᠵᠠᠯᠠᠵᠤ ᠵᠢᠯᠣᠭᠤᠳᠬᠤ ᠵᠡᠷᠭᠡ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠣᠯᠠᠨ ᠲᠦᠮᠡᠨ ᠤ ᠵᠦᠶ ᠵᠣᠬᠢᠰᠲᠠᠶ ᠬᠠᠤᠯᠢ ᠶᠣᠰᠣᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠰᠠᠶᠢᠲᠤᠷ ᠰᠢᠶᠳᠪᠦᠷᠢᠯᠡᠬᠦ ᠬᠡᠷᠡᠭᠲᠡᠶ᠃ ᠵᠠᠬᠢᠳᠠᠯ ᠰᠣᠷᠪᠣᠯᠵᠢᠯᠠᠭ᠎ᠠ ᠶᠢ ᠲᠣᠭᠲᠠᠭᠤᠨ ᠪᠠᠶᠢᠯᠭᠠᠬᠤ ᠠᠵᠢᠯ ᠳᠠᠬᠢ ᠨᠠᠮ  ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ ᠪᠠ ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ ᠵᠠᠷᠴᠢᠮ ᠶᠣᠰᠣᠭᠠᠷ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠶᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠭᠦᠶᠴᠡᠳ ᠳᠡᠭᠡᠭᠰᠢᠯᠡᠭᠦᠯᠵᠦ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠥᠪ ᠤᠨ᠂ ᠥᠪᠡᠷᠲᠡᠭᠡᠨ ᠵᠠᠰᠠᠬᠤ ᠣᠷᠣᠨ  ᠤ᠂ ᠬᠤᠲᠠ ᠶᠢᠨ ᠬᠤᠯᠪᠣᠭᠳᠠᠯ ᠪᠥᠬᠦᠶ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ  ᠤᠨ ᠣᠷᠳᠣᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠣᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ ᠬᠡᠷᠡᠭᠲᠡᠶ ᠭᠡᠵᠦ ᠴᠢᠩᠭᠠᠳᠬᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠯᠢᠦ ᠰᠢᠶᠤᠤ ᠵᠠᠬᠢᠳᠠᠯ ᠰᠤᠷᠪᠤᠯᠵᠢᠯᠠᠭ᠎ᠠ ᠶᠢᠨ ᠭᠤᠣᠯᠳᠠᠯᠭ᠎ᠠ ᠲᠠᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃      ᠰᠢᠶᠠᠨ ᠤ ᠳᠡᠳ᠋ ᠳᠠᠷᠤᠭ᠎ᠠ ᠵᠠᠩ ᠵᠢᠶᠠᠨ ᠴᠢᠩ ᠪᠥᠬᠦ ᠤᠯᠤᠰ ᠤᠨ《 ᠬᠤᠶᠠᠷ ᠬᠤᠷᠠᠯ 》 ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠳᠤ ᠪᠠᠶᠢᠷᠢᠯᠠᠭᠤᠯᠤᠯᠲᠠ ᠬᠢᠪᠠ᠃      ᠰᠢᠶᠠᠨ ᠤ ᠤᠳᠤᠷᠢᠳᠤᠯᠭ᠎ᠠ ᠨᠠᠨ ᠨᠠᠨ᠂ ᠯᠢᠦ ᠫᠧᠩ ᠹᠸᠢ᠂ ᠾᠧ ᠹᠧᠩ᠂ ᠲᠤᠶᠠᠭ᠎ᠠ᠂ ᠠᠵᠤ ᠠᠬᠤᠶ ᠶᠢᠨ ᠨᠡᠭᠡᠭᠡᠯᠲᠡ ᠶᠢᠨ  ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号