ᠾᠧ ᠬᠠᠢ ᠳ᠋ᠦᠩ ᠢᠯᠢ ᠶᠢᠨ ᠣᠳᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ  ᠨᠢ ᠠᠷᠭ᠎ᠠ ᠬᠡᠮᠵᠢᠶ᠎ᠡ ᠪᠠᠨ ᠴᠢᠩᠭᠠᠳᠬᠠᠨ ᠦᠨᠡᠨ ᠠᠳᠬᠤᠨ ᠪᠣᠳᠠᠲᠠᠢ ᠬᠢᠵᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/3/3
  (ᠰᠣᠷᠪᠤᠯᠵᠢᠯᠠᠭᠴᠢ ᠯᠢᠶᠠᠩ ᠵᠢᠩ ᠱᠦ︶ 3 ᠳ᠋ᠤᠭᠠᠷ ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠢᠯᠢ ᠶᠢᠨ ᠣᠳᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠬᠥᠪᠴᠢᠯᠡᠨ᠂ ᠰᠡᠳᠬᠢᠯ ᠬᠦᠴᠦᠨ ᠢᠶᠠᠨ ᠨᠢᠭᠡᠳᠬᠡᠨ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠦᠨᠡᠨ  ᠠᠳᠬᠤᠨ ᠪᠣᠳᠠᠲᠠᠢ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠨᠠᠷ ᠤᠷᠢᠳ ᠬᠤᠵᠢᠳ ᠢᠯᠢ ᠪᠦᠯᠦᠭᠯᠡᠯ ᠤᠨ ᠶᠡᠷᠦᠩᠬᠡᠢ ᠬᠡᠯᠲᠡᠰ ᠤᠨ ᠡᠷᠭᠢᠨ ᠲᠣᠭᠤᠷᠢᠨ  ᠤ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠠᠬᠤᠢ ᠲᠠᠯᠠᠪᠠᠢ᠂ ᠬᠠᠶᠢᠯᠠᠷ ᠵᠡᠭᠦᠨ ᠵᠡᠭᠡᠯᠢ — ᠬᠠᠶᠢᠯᠠᠷ ᠪᠠᠷᠠᠭᠤᠨ ᠵᠡᠭᠡᠯᠢ — ᠶᠢᠨ ᠬᠠᠢ ᠵᠠᠮ ᠤᠨ ᠥᠭᠡᠷᠡᠴᠢᠯᠡᠨ ᠰᠠᠶᠢᠵᠢᠷᠠᠭᠤᠯᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ  ᠶᠢᠨ ᠬᠤᠶᠠᠳᠤᠭᠠᠷ ᠳᠠᠭᠠᠭᠠᠴᠢᠯᠠᠯᠲᠠ ᠶᠢᠨ ᠬᠡᠰᠡᠭ ᠵᠡᠷᠭᠡ ᠪᠠᠷᠢᠯᠭ᠎ᠠ ᠶᠢᠨ ᠭᠠᠵᠠᠷ ᠤᠳ ᠢᠶᠠᠷ ᠬᠦᠷᠴᠦ᠂ ᠨᠢᠭᠡ ᠵᠠᠮ ᠶᠠᠪᠤᠵᠤ‌ᠨᠢᠭᠡ ᠵᠠᠮ ᠦᠵᠡᠵᠦ ᠨᠢᠭᠡ ᠵᠠᠮ ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠯᠢ ᠪᠦᠯᠦᠭᠯᠡᠯ ᠤᠨ ᠶᠡᠷᠦᠩᠬᠡᠢ ᠬᠡᠯᠲᠡᠰ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠠᠵᠢᠯ᠂ ᠶᠢᠨ ᠬᠠᠢ ᠵᠠᠮ ᠤᠨ ᠪᠠᠷᠠᠭᠤᠨᠰᠢ ᠦᠷᠭᠦᠯᠵᠢᠯᠡᠭᠦᠯᠵᠦ ᠵᠠᠯᠭᠠᠬᠤ ᠪᠠᠷᠢᠯᠭ᠎ᠠ ᠶᠢ ᠥᠭᠡᠷᠡᠴᠢᠯᠡᠵᠦ ᠪᠠᠶᠢᠭ᠎ᠠ ᠪᠠᠶᠢᠳᠠᠯ᠂ ᠢᠯᠢ ᠶᠢᠨ ᠣᠳᠣ ᠦᠶ᠎ᠡ  ᠶᠢᠨ ᠤᠶᠤᠨᠳᠤ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠠᠬᠢᠴᠠ᠂ ᠪᠠᠷᠢᠯᠭ᠎ᠠ ᠶᠢᠨ ᠬᠤᠭᠤᠴᠠᠭ᠎ᠠ  ᠶᠢᠨ ᠲᠣᠬᠢᠷᠠᠭᠤᠯᠤᠯᠲᠠ ᠪᠠ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ  ᠣᠶᠢᠯᠠᠭᠠᠪᠠ᠃      ᠳᠠᠷᠠᠭ᠎ᠠ ᠪᠠᠷ ᠨᠢ ᠬᠤᠷᠠᠯᠳᠤᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ ᠾᠧ ᠬᠠᠢ ᠳ᠋ᠦᠩ ᠲᠥᠯᠥᠪᠵᠢᠭᠦᠯᠭᠡ ᠵᠢᠷᠤᠭ ᠲᠥᠰᠥᠪ ᠤᠨ ᠠᠵᠢᠯ ᠤᠨ ᠠᠬᠢᠴᠠ ᠶᠢᠨ ᠪᠠᠶᠢᠳᠠᠯ᠂ ᠲᠥᠷᠥᠯ ᠵᠦᠢᠯ ᠤᠨ ᠣᠷᠣᠨ ᠤ ᠲᠥᠬᠦᠷᠵᠢᠭᠦᠯᠬᠦ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠤᠭᠰᠠᠨ ᠪᠠᠶᠢᠳᠠᠯ᠂ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠤᠢ ᠶᠢ ᠲᠠᠲᠠᠪᠤᠷᠢᠯᠠᠭᠰᠠᠨ᠂ ᠮᠡᠳᠡᠭᠦᠯᠦᠨ ᠵᠥᠪᠰᠢᠶᠡᠷᠡᠭᠦᠯᠦᠭᠰᠡᠨ᠂ ᠭᠠᠵᠠᠷ ᠬᠠᠩᠭᠠᠬᠤ ᠠᠵᠢᠯ ᠤᠨ ᠠᠬᠢᠴᠠ ᠵᠡᠷᠭᠡ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠲᠤᠰ ᠲᠤᠰ ᠰᠣᠨᠣᠰᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠬᠠᠨᠳᠤᠯᠭᠠᠲᠤ ᠴᠢᠨᠠᠷ ᠲᠠᠢ ᠰᠠᠨᠠᠯ ᠳᠤᠷᠠᠳᠴᠠᠢ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠶᠡᠭᠡ ᠲᠠᠯ᠎ᠠ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠯᠴᠠᠵᠤ ᠬᠠᠮᠵᠢᠯᠴᠠᠬᠤ ᠪᠠᠨ ᠴᠢᠩᠭᠠᠳᠬᠠᠵᠤ᠂ ᠰᠡᠳᠬᠢᠯ ᠬᠦᠴᠦᠨ ᠢᠶᠠᠨ ᠨᠢᠭᠡᠳᠬᠡᠨ᠂ ᠢᠳᠡ ᠲᠠᠢ ᠨᠡᠶᠢᠯᠡᠯ ᠬᠦᠴᠦᠨ ᠪᠠ ᠬᠦᠴᠦᠷᠬᠡᠭ ᠰᠦᠷ ᠬᠦᠴᠦᠨ ᠢ ᠪᠦᠷᠢᠯᠳᠦᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠳᠡᠮᠵᠢᠬᠦ ᠬᠦᠷᠢᠶ᠎ᠡ ᠴᠠᠷᠠᠭ᠎ᠠ ᠪᠠ ᠴᠢᠭᠯᠡᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠲᠥᠷᠥᠯ ᠵᠦᠢᠯ ᠤᠨ ᠪᠡᠯᠡ ᠮᠥᠩᠭᠦ  ᠶᠢ ᠣᠯᠠᠨ ᠲᠠᠯ᠎ᠠ ᠪᠠᠷ ᠬᠦᠴᠦ ᠣᠷᠣᠭᠤᠯᠤᠨ ᠲᠡᠮᠡᠴᠡᠨ ᠣᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠠᠵᠢᠯ ᠲᠠᠢ ᠭᠦᠢᠴᠡᠳ ᠤᠶᠠᠯᠳᠤᠭᠤᠯᠤᠨ᠂ ᠬᠠᠮᠢᠶᠠᠷᠤᠯᠲᠠ ᠳᠠᠭᠠᠨ ᠰᠢᠨ᠎ᠡ ᠶᠢ ᠡᠭᠦᠳᠬᠦ ᠶᠢᠨ ᠬᠠᠮᠲᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠲᠣᠬᠢᠶᠠᠯ ᠪᠣᠯᠭᠠᠨ ᠡᠷᠭᠢᠨ ᠲᠣᠭᠤᠷᠢᠨ ᠤ ᠭᠠᠵᠠᠷ ᠤᠨ ᠬᠠᠮᠢᠶ᠎ᠠ ᠪᠦᠬᠦᠢ ᠲᠥᠬᠦᠷᠵᠢᠭᠦᠯᠬᠦ ᠲᠥᠬᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡ ᠪᠠᠷ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠬᠡᠯᠬᠢᠶ᠎ᠡ︾ ᠶᠢᠨ ᠲᠥᠷᠥᠯ ᠵᠦᠢᠯ ᠢ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠡᠯᠡ ᠣᠷᠣᠭᠤᠯᠬᠤ ᠢᠲᠡᠭᠡᠯ  ᠢ ᠨᠡᠮᠡᠭᠳᠡᠭᠦᠯᠵᠦ᠂ ᠨᠢᠭᠡᠨᠲᠡ ᠬᠡᠷᠡᠭᠵᠢᠭᠦᠯᠦᠭᠰᠡᠨ ᠲᠥᠷᠥᠯ ᠵᠦᠢᠯ ᠳᠤ ᠦᠢᠯᠡᠴᠢᠯᠡᠭᠡ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠬᠦᠴᠦᠷᠬᠡᠭ ᠢ ᠬᠥᠮᠥᠵᠢᠭᠦᠯᠦᠨ ᠰᠢᠯᠢᠳᠡᠭ ᠢ ᠲᠡᠳᠬᠦᠵᠦ᠂ ᠡᠯ᠎ᠡ ᠲᠥᠷᠥᠯ ᠤᠨ ᠠᠵᠤ ᠠᠬᠤᠶᠢᠯᠠᠯ ᠤᠨ ᠪᠠᠶᠢᠳᠠᠯ ᠢ ᠭᠦᠨᠵᠡᠭᠡᠢ ᠰᠤᠳᠤᠯᠤᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠤ᠂ ᠴᠢᠨᠠᠷ ᠰᠠᠶᠢᠲᠠᠢ ᠲᠥᠷᠥᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠶᠦᠨ ᠰᠢᠨ ᠮᠢᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号