ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠶ᠎ᠠ
ᠨᠡᠶᠢᠲᠡᠯᠡᠭᠰᠡᠨ ᠴᠠᠭ᠄
2021/3/3
    ︽ᠬᠡᠦᠬᠡᠳ ᠤᠳ ᠡ᠂ ᠲᠠᠨᠠᠷ ᠡᠨᠡ ᠡᠳᠦᠷ ᠤᠨ ᠵᠣᠯ ᠵᠢᠷᠭᠠᠯᠲᠤ ᠠᠮᠢᠳᠤᠷᠠᠯ ᠢᠶᠠᠨ ᠵᠠᠪᠠᠯ ᠨᠠᠨᠳᠢᠩᠨᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠭᠠᠷᠠᠢ᠃︾ ᠣᠷᠴᠢᠮ᠂ ᠱᠠᠨ ᠳ᠋ᠠᠨ ᠨᠡᠶᠢᠭᠡᠮ ᠲᠣᠭᠤᠷᠢᠭ ᠤᠨ ᠴᠢ ᠬᠤᠢ ᠶᠢᠩ ᠨᠠᠰᠤᠲᠠᠨ ᠬᠥᠬᠡᠬᠤᠲᠠ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠪᠠᠭᠠᠲᠤᠷᠴᠤᠳ ᠤᠨ ᠦᠯᠢᠭᠡᠷ ᠠᠴᠠ ᠶᠠᠷᠢᠵᠤ ᠥᠭᠪᠡ᠃      ᠴᠢ ᠬᠤᠢ ᠶᠢᠩ ᠨᠠᠰᠤᠲᠠᠨ ᠡᠨᠡ ᠵᠢᠯ 80 ᠨᠠᠰᠤᠲᠠᠢ᠂ ᠲᠡᠭᠦᠨ ᠤ ᠨᠥᠬᠦᠷ ᠨᠢ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠳᠠᠶᠢᠨ ᠳᠤ ᠣᠷᠣᠯᠴᠠᠵᠤ᠂ ᠲᠡᠷᠡ ᠥᠪᠡᠷ ᠢᠶᠠᠨ ᠴᠦ ᠱᠠᠩᠬᠠᠢ ᠶᠢᠨ ᠥᠨᠥᠴᠢᠨ ᠬᠡᠦᠬᠡᠳ  ᠢ ᠥᠪᠥᠷ ᠮᠣᠩᠭᠤᠯ ᠳᠤ ᠠᠪᠴᠢᠷᠠᠬᠤ ᠳᠤ ᠣᠷᠣᠯᠴᠠᠭᠰᠠᠨ ᠶᠤᠮ᠃ ᠡᠳᠡᠭᠡᠷ ᠤᠴᠢᠷ ᠤᠳ ᠢ ᠲᠡᠷᠡ ᠤᠳᠤ ᠪᠣᠯᠲᠠᠯ᠎ᠠ ᠲᠣᠪ ᠲᠣᠳᠣᠷᠬᠠᠢ ᠴᠡᠭᠡᠵᠢᠯᠡᠭᠰᠡᠭᠡᠷ᠃ ᠰᠤᠷᠤᠭᠴᠢᠳ ᠴᠢ ᠡᠮᠡᠭᠡ ᠶᠢᠨ ᠶᠠᠷᠢᠭᠰᠠᠨ ᠦᠯᠢᠭᠡᠷ ᠢ ᠰᠣᠨᠣᠰᠤᠭᠠᠳ ᠶᠡᠬᠡᠳᠡ ᠰᠡᠳᠬᠢᠯ ᠬᠥᠳᠡᠯᠦᠨ᠂ ᠰᠠᠶᠢᠨ ᠰᠤᠷᠤᠯᠴᠠᠵᠤ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠨ᠎ᠠ ᠭᠡᠵᠦ ᠵᠣᠷᠢᠭ ᠰᠢᠭᠤᠳᠴᠠᠢ᠃                               ᠰᠤᠷᠪᠤᠯᠵᠢᠯᠠᠭᠴᠢ ᠸᠧᠢ ᠪᠣᠣ ᠬᠤᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号